ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠵᠢᠴᠢ ᠨᠠᠮᠤᠷ ᠡᠪᠦᠯ ᠤᠨ ᠤᠯᠠᠷᠢᠯ ᠳᠠᠬᠢ ᠣᠢ ᠲᠠᠯ᠎ᠠ ᠶᠢᠨ ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ ᠬᠤᠸᠠᠩ ᡁᠢ ᠴᠢᠶᠠᠩ ᠶᠠᠷᠢᠶ᠎ᠠ ᠲᠠᠯᠪᠢᠵᠤ ᠪᠦᠦ ᠰᠢᠶᠠᠨ ᠬᠤᠸᠠ ᠳᠠᠶᠢᠴᠢᠨ ᠶᠠᠩ ᠶᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/9/14
   9 ᠳ᠋ᠦ᠋ᠭᠡᠷ ᠰᠠᠷ᠎ᠠ ᠶᠢᠨ 12 ᠤᠨ ᠡᠳᠦᠷ᠂ ᠪᠥᠬᠦ ᠣᠷᠣᠨ ᠤ ᠠᠶᠤᠯ ᠦᠭᠡᠢ ᠦᠢᠯᠡᠳᠪᠦᠷᠢᠯᠡᠯ ᠵᠢᠴᠢ ᠨᠠᠮᠤᠷ ᠡᠪᠦᠯ ᠤᠨ ᠤᠯᠠᠷᠢᠯ ᠳᠠᠬᠢ ᠣᠢ ᠲᠠᠯ᠎ᠠ ᠶᠢᠨ ᠲᠦᠢᠮᠡᠷ ᠢ ᠰᠡᠷᠭᠡᠶᠢᠯᠡᠬᠦ ᠪᠠ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠳᠠᠶᠢᠴᠢᠨ᠂ ᠶᠠᠩ ᠶᠢᠨ ᠬᠤᠷᠠᠯ ᠳᠤ ᠣᠷᠣᠯᠴᠠᠵᠠᠢ᠃    ᠬᠤᠸᠠᠩ ᡁᠢ ᠴᠢᠶᠠᠩ᠂ ᠡᠨᠡ ᠵᠢᠯ ᠡᠬᠢᠯᠡᠭᠰᠡᠨ ᠠᠴᠠ ᠨᠠᠭᠠᠰᠢ᠂ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠲᠦᠢᠯ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠂ ᠬᠠᠲᠠᠭᠤ ᠰᠤᠷᠭᠠᠮᠵᠢ ᠠᠪᠴᠤ᠂ ᠨᠢᠮᠪᠠᠢ ᠲᠤᠩᠭᠠᠨ ᠪᠣᠳᠣᠯᠬᠢᠯᠠᠵᠤ᠂ ᠢᠯᠳᠠᠷ ᠡᠰᠡ ᠬᠠᠶᠠᠨ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠨᠡᠩ ᠰᠢᠢᠳᠮᠡᠬᠡᠢ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠦᠨᠳᠦ ᠣᠨᠴᠠ ᠶᠡᠭᠡ ᠠᠳᠡᠯ ᠤᠯᠠᠨ ᠭᠠᠷᠬᠤ ᠦᠷᠭᠦᠯᠵᠢᠯᠡᠨ ᠭᠠᠷᠬᠤ ᠬᠠᠨᠳᠤᠰᠢ ᠶᠢ ᠡᠷᠡᠰ ᠬᠤᠷᠢᠭᠯᠠᠨ᠂ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠪᠠ ᠤᠯᠠᠭᠠᠨ ᠱᠤᠭᠤᠮ ᠢ ᠡᠷᠡᠰ ᠴᠢᠩᠭ᠎ᠠ ᠰᠠᠬᠢᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠸᠠᠩ ᡁᠢ ᠴᠢᠶᠠᠩ ᠴᠢᠬᠤᠯᠠᠴᠢᠯᠠᠬᠤ ᠳᠤ ᠪᠠᠨ᠂ ᠨᠠᠮᠤᠷ ᠡᠪᠦᠯ ᠤᠨ ᠣᠢ ᠲᠠᠯ᠎ᠠ ᠶᠢᠨ ᠲᠦᠢᠮᠡᠷ ᠢ ᠰᠡᠷᠭᠡᠶᠢᠯᠡᠬᠦ ᠤᠯᠠᠷᠢᠯ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠪᠣᠯᠬᠤᠷ ᠮᠢᠨᠴᠦᠭᠦᠷᠡᠮᠡᠯ ᠦᠵᠡᠯ ᠰᠠᠨᠠᠭ᠎ᠠ᠂ ᠠᠵᠠ ᠭᠤᠷᠢᠳᠠᠬᠤ ᠪᠣᠳᠣᠯ ᠢ ᠡᠷᠡᠰ ᠲᠡᠪᠴᠢᠵᠦ᠂ ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠲᠦᠢᠮᠡᠷ ᠢ ᠰᠡᠷᠡᠮᠵᠢᠯᠡᠨ ᠬᠢᠨᠠᠨ ᠬᠡᠮᠵᠢᠬᠦ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠡᠶᠢᠨ ᠤ ᠪᠡᠯᠡᠳᠬᠡᠯ ᠢ ᠰᠢᠨᠵᠢᠯᠡᠬᠦ ᠤᠬᠠᠭᠠᠨᠴᠢ ᠪᠠᠷ ᠴᠢᠩᠭᠠᠳᠬᠠᠵᠤ᠂ ᠨᠠᠮᠤᠷ ᠡᠪᠦᠯ ᠤᠨ ᠤᠯᠠᠷᠢᠯ ᠳᠠᠬᠢ ᠣᠢ ᠲᠠᠯ᠎ᠠ ᠶᠢᠨ ᠲᠦᠢᠮᠡᠷ ᠢ ᠰᠡᠷᠭᠡᠶᠢᠯᠡᠬᠦ ᠪᠠ ᠲᠦᠢᠮᠡᠷ ᠢ ᠤᠨᠲᠠᠷᠠᠭᠠᠬᠤ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠬᠤ ᠬᠡᠷᠡᠭᠲᠡᠢ ᠭᠡᠵᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map