ᠡᠨᠡ ᠵᠢᠯ ᠤᠨ ᠲᠦᠷᠦᠭᠦᠤ 8 ᠰᠠᠷ᠎ᠠ ᠳᠤ ᠡᠷᠢᠶᠡᠨ ᠪᠣᠭᠤᠮᠲᠠ 7.3 ᠲᠦᠮᠡᠨ ᠲᠣᠨ ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠪᠠ
ᠨᠡᠶᠢᠲᠡᠯᠡᠭᠰᠡᠨ ᠴᠠᠭ᠄
2023/9/20
   ᠣᠶᠢᠷ᠎ᠠ ᠶᠢᠨ ᠡᠳᠦᠷ ᠤᠳ ᠲᠤ᠂ ᠡᠷᠢᠶᠡᠨ ᠪᠣᠭᠤᠮᠲᠠ ᠳᠤ ᠰᠢᠨ᠎ᠡ ᠰᠣᠷᠭᠤᠭ ᠵᠢᠮᠢᠰ ᠨᠣᠭᠤᠭ᠎ᠠ ᠳᠦᠭᠦᠷᠲᠡᠯ᠎ᠡ ᠠᠴᠢᠭᠰᠠᠨ ᠮᠠᠰᠢᠨ ᠲᠡᠷᠭᠡ ᠡᠮᠬᠢ ᠳᠠᠷᠠᠭ᠎ᠠ ᠲᠠᠢ ᠪᠠᠷ ᠮᠥᠷᠯᠡᠵᠦ᠂ ᠪᠣᠭᠤᠮᠲᠠ ᠪᠠᠷ ᠥᠩᠭᠡᠷᠡᠬᠦ ᠭᠠᠷᠳᠠᠮ ᠢᠶᠠᠨ ᠭᠦᠢᠴᠡᠳᠬᠡᠭᠰᠡᠨ ᠤ ᠳᠠᠷᠠᠭ᠎ᠠ ᠬᠢᠯᠢ ᠠᠴᠠ ᠭᠠᠷᠴᠤ ᠮᠣᠩᠭᠤᠯ ᠤᠯᠤᠰ ᠢ ᠵᠣᠷᠢᠵᠤ ᠪᠠᠶᠢᠯ᠎ᠠ᠃    ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 8 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 7.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 88% ᠪᠠᠷ ᠨᠡᠮᠡᠭᠳᠡᠪᠡ︔ ᠪᠠᠷᠠᠭᠠᠨ ᠤ ᠥᠷᠲᠡᠭ 1.324 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 93% ᠪᠠᠷ ᠨᠡᠮᠡᠭᠳᠡᠵᠡᠢ᠃    ᠰᠢᠨ᠎ᠡ ᠰᠣᠷᠭᠤᠭ ᠵᠢᠮᠢᠰ ᠨᠣᠭᠤᠭᠠᠨ ᠤ ᠭᠠᠷᠭᠠᠯᠲᠠ ᠶᠢ ᠪᠠᠲᠤᠯᠠᠬᠤ ᠶᠢᠨ ᠲᠥᠯᠥᠭᠡ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠨᠣᠭᠤᠭᠠᠨ ᠭᠠᠷᠴᠠ︾ ᠶᠢ ᠨᠠᠪᠲᠠᠷᠡᠭᠦᠯᠵᠦ᠂ ᠲᠤᠰᠬᠠᠢ ᠬᠥᠮᠥᠨ ᠲᠤᠰᠬᠠᠢ ᠠᠵᠢᠯ ᠤᠨ ᠪᠠᠶᠢᠷᠢ ᠲᠣᠬᠢᠷᠠᠭᠤᠯᠤᠨ ᠠᠵᠤ ᠠᠬᠤᠶᠢᠯᠠᠯ ᠳᠤ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠭᠡ ᠬᠠᠩᠭᠠᠵᠤ᠂ ᠵᠢᠮᠢᠰ ᠨᠣᠭᠤᠭᠠᠨ ᠤ ᠲᠡᠭᠡᠭᠡᠪᠦᠷᠢ ᠶᠢᠨ ᠲᠡᠷᠭᠡ ᠢᠷᠡᠮᠡᠭᠴᠡ ᠪᠠᠶᠢᠴᠠᠭᠠᠵᠤ᠂ ᠪᠠᠶᠢᠴᠠᠭᠠᠮᠠᠭᠴᠠ ᠶᠠᠪᠤᠭᠤᠯᠵᠤ᠂ ᠪᠣᠭᠤᠮᠲᠠ ᠪᠠᠷ ᠥᠩᠭᠡᠷᠡᠬᠦ ᠳᠤ ᠬᠦᠯᠢᠶᠡᠬᠦ ᠦᠭᠡᠢ᠂ ᠪᠠᠶᠢᠴᠠᠭᠠᠨ ᠰᠢᠯᠭᠠᠬᠤ ᠶᠢ ᠤᠳᠠᠭᠠᠰᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ ᠡᠷᠢᠶᠡᠨ ᠪᠣᠭᠤᠮᠲᠠ ︽ᠤᠷᠢᠳ ᠢᠶᠠᠷ ᠪᠠᠶᠢᠴᠠᠭᠠᠨ ᠰᠢᠯᠭᠠᠵᠤ ᠳᠠᠷᠠᠭ᠎ᠠ ᠨᠢ ᠠᠴᠢᠶᠠᠯᠠᠨ ᠲᠡᠭᠡᠭᠡᠪᠦᠷᠢᠯᠡᠬᠦ︾ ᠵᠠᠭᠪᠤᠷ ᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠤᠷᠢᠳᠴᠢᠯᠠᠨ ᠮᠡᠳᠡᠭᠦᠯᠬᠦ᠂ ᠤᠷᠢᠳ ᠢᠶᠠᠷ ᠪᠠᠶᠢᠴᠠᠭᠠᠨ ᠰᠢᠯᠭᠠᠬᠤ᠂ ᠭᠡᠷᠡᠴᠢ ᠶᠢ ᠲᠦᠷᠭᠡᠬᠡᠨ ᠣᠯᠭᠤᠬᠤ︾ ᠦᠢᠯᠡᠴᠢᠯᠡᠭᠡᠨ ᠤ ᠠᠷᠭ᠎ᠠ ᠶᠢ ᠬᠡᠷᠡᠭᠵᠢᠭᠦᠯᠦᠨ᠂ ᠵᠢᠮᠢᠰ ᠨᠣᠭᠤᠭᠠᠨ ᠤ ᠪᠦᠲᠦᠭᠡᠭᠳᠡᠬᠦᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠭᠡᠬᠦ ᠴᠠᠭ ᠢ ᠪᠠᠭᠠᠰᠬᠠᠨ᠂ ᠭᠠᠳᠠᠭᠠᠳᠤ ᠳᠤ ᠭᠠᠷᠭᠠᠬᠤ ᠪᠦᠲᠦᠮᠵᠢ ᠶᠢ ᠳᠡᠭᠡᠭᠰᠢᠯᠡᠭᠦᠯᠪᠡ᠃    ᠡᠷᠢᠶᠡᠨ ᠬᠤᠳᠠ ᠶᠢᠨ ᠬᠤᠤ ᠭᠠᠩ ᠵᠢᠮᠢᠰ ᠨᠣᠭᠤᠭ᠎ᠠ ᠠᠮᠤ ᠲᠣᠰᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠢᠦᠢ ᠴᠧᠩ᠄ ︽ᠣᠶᠢᠷ᠎ᠠ ᠶᠢᠨ ᠬᠤᠭᠤᠴᠠᠭᠠᠨ ᠳᠤ ᠭᠠᠳᠠᠭᠠᠳᠤ ᠳᠤ ᠭᠠᠷᠭᠠᠬᠤ ᠢᠳᠡᠰᠢᠨ ᠨᠣᠭᠤᠭ᠎ᠠ ᠭᠤᠣᠯᠳᠠᠭᠤ ᠤᠷᠤᠰ ᠰᠣᠩᠭᠢᠨ᠎ᠠ᠂ ᠯᠤᠤᠪᠠᠩ ᠪᠠᠶᠢᠵᠤ᠂ ᠲᠤᠰ ᠤᠯᠠᠷᠢᠯ ᠤᠨ ᠨᠠᠪᠴᠢᠨ ᠨᠣᠭᠤᠭ᠎ᠠ ᠪᠠᠰᠠ ᠪᠠᠶᠢᠨ᠎ᠠ᠃ ᠡᠳᠦᠷ ᠪᠦᠷᠢ ᠶᠢᠨ ᠭᠠᠳᠠᠭᠠᠳᠤ ᠳᠤ ᠭᠠᠷᠭᠠᠬᠤ ᠬᠡᠮᠵᠢᠶ᠎ᠡ ᠨᠢ ᠪᠠᠷᠤᠭ 300 ᠲᠣᠨ ᠣᠷᠴᠢᠮ ᠪᠣᠯᠣᠨ᠎ᠠ᠃ ᠪᠣᠭᠤᠮᠲᠠ ᠪᠠᠷ ᠥᠩᠭᠡᠷᠡᠬᠦ ᠬᠤᠷᠳᠤᠴᠠ ᠤᠯᠠᠮ ᠠᠴᠠ ᠤᠯᠠᠮ ᠲᠦᠷᠭᠡᠳᠴᠦ᠂ ᠬᠢᠯᠢ ᠶᠢᠨ ᠪᠠᠶᠢᠴᠠᠭᠠᠯᠲᠠ ᠶᠢᠨ ᠥᠷᠲᠡᠭᠡ᠂ ᠪᠣᠭᠤᠮᠲᠠ ᠵᠡᠷᠭᠡ ᠰᠠᠯᠠᠭ᠎ᠠ ᠮᠥᠴᠢᠷ ᠠᠴᠠ ᠮᠠᠨ ᠤ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠶᠢ ᠪᠠᠲᠤᠯᠠᠪᠠᠯ᠂ ᠮᠠᠨ ᠤ ᠵᠢᠮᠢᠰ ᠨᠣᠭᠤᠭᠠᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠯᠠᠪᠲᠠᠢ ᠰᠢᠨ᠎ᠡ ᠲᠡᠮᠳᠡᠭᠯᠡᠯ ᠢ ᠡᠭᠦᠳᠴᠦ ᠴᠢᠳᠠᠨ᠎ᠠ︾ ᠭᠡᠵᠡᠢ᠃    ᠡᠭᠦᠨ ᠠᠴᠠ ᠭᠠᠳᠠᠨ᠎ᠠ᠂ 2018 ᠣᠨ ᠳᠤ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠨᠣᠭᠤᠭᠠᠨ ᠭᠠᠷᠴᠠ︾ ᠶᠢ ᠨᠡᠪᠲᠡᠷᠡᠭᠦᠯᠦᠭᠰᠡᠨ ᠠᠴᠠ ᠨᠠᠭᠠᠰᠢ᠂ ᠡᠷᠢᠶᠡᠨ ᠪᠣᠭᠤᠮᠲᠠ ᠪᠠᠷ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ ᠨᠡᠶᠢᠲᠡ 51.4 ᠲᠦᠮᠡᠨ ᠲᠣᠨ ᠳᠤ ᠬᠦᠷᠴᠦ᠂ ᠪᠠᠷᠠᠭᠠᠨ ᠤ ᠥᠷᠲᠡᠭ ᠨᠢ 8.996 ᠳ᠋ᠦᠩᠰᠢᠭᠤᠷ ᠲᠥᠭᠦᠷᠢᠭ ᠲᠤ ᠬᠦᠷᠴᠡᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map