| 8 ᠳ᠋ᠤᠭᠠᠷ ᠰᠠᠷ᠎ᠠ ᠶᠢᠨ 26 ᠤ ᠡᠳᠦᠷ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠭᠤᠤᠯᠯᠠᠨ ᠡᠷᠭᠢᠯᠡᠵᠦ᠂ ᠠᠯᠠᠱᠠ ᠠᠶᠢᠮᠠᠭ ᠤᠨ ᠮᠦᠽᠧᠶ᠂ ᠠᠯᠠᠱᠠ ᠶᠢᠨ ᠸᠠᠩ ᠤᠨ ᠣᠷᠳᠣᠨ ᠤ | ᠮᠦᠽᠧᠶ ᠬᠢᠭᠡᠳ ᠯᠢᠨ ᠢ ᠬᠤᠲᠠ ᠶᠢᠨ ᠮᠦᠽᠧᠶ ᠶᠢᠨ ᠬᠠᠮᠲᠤ ᠪᠠᠷ ᠡᠷᠭᠢᠯᠡᠭᠰᠡᠨ ︽ᠲᠠᠩᠰᠤᠭ ᠰᠠᠶᠢᠬᠠᠨ ᠠᠯᠠᠱᠠ | — ᠠᠷᠠᠳ ᠤᠨ ᠵᠠᠩ ᠦᠢᠯᠡ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ︾ ᠱᠠᠨᠳᠦ᠋ᠩ | ᠮᠤᠵᠢ ᠶᠢᠨ ᠯᠢᠨ ᠢ ᠬᠤᠲᠠ ᠶᠢᠨ ᠮᠦᠽᠧᠶ ᠳᠤ ᠬᠤᠶᠠᠷ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠨ᠎ᠠ᠃ | ᠠᠯᠠᠱᠠ ᠠᠶᠢᠮᠠᠭ ᠤᠨ ᠮᠦᠽᠧᠶ ᠪᠣᠯᠤᠨ ᠠᠯᠠᠱᠠ ᠶᠢᠨ ᠸᠠᠩ ᠤᠨ ᠣᠷᠳᠣᠨ ᠤ ᠮᠦᠽᠧᠶ ᠳᠤ ᠬᠠᠳᠠᠭᠠᠯᠠᠵᠤ | ᠪᠠᠶᠢᠭ᠎ᠠ 139 ᠬᠤᠪᠢ ︵ᠢᠵᠢ︶ ᠲᠥᠯᠥᠭᠡᠯᠡᠬᠦ ᠴᠢᠨᠠᠷᠲᠠᠶ ᠠᠷᠠᠳ ᠤᠨ ᠵᠠᠩ ᠦᠢᠯᠡ ᠶᠢᠨ ᠲᠡᠦᠬᠡ ᠰᠣᠶᠣᠯ ᠤᠨ | ᠳᠤᠷᠠᠰᠬᠠᠯᠲᠤ ᠵᠦᠢᠯᠡᠰ ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠲᠠᠢ | ᠤᠶᠠᠯᠳᠤᠭᠤᠯᠤᠨ ᠳᠡᠯᠭᠡᠨ ᠦᠵᠡᠭᠦᠯᠵᠦ᠂ ᠡᠮᠦᠨᠡᠬᠢ ᠦᠭᠡ᠂ ᠲᠡᠦᠬᠡ ᠶᠢᠨ ᠬᠠᠭᠤᠳᠠᠰᠤ᠂ ᠠᠷᠠᠳ ᠤᠨ ᠵᠠᠩ ᠦᠢᠯᠡ | ᠶᠢᠨ ᠬᠠᠭᠤᠳᠠᠰᠤ᠂ ᠲᠡᠭᠦᠰᠬᠡᠯ ᠤᠨ ᠦᠭᠡ ᠵᠡᠷᠭᠡ ᠲᠦᠷᠪᠡᠨ ᠬᠡᠰᠡᠭ ᠬᠤᠪᠢᠶᠠᠨ᠂ ᠠᠯᠠᠱᠠ ᠣᠷᠣᠨ ᠤ ᠥᠷᠭᠡᠨ ᠤᠯᠠᠨ | ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠵᠦ ᠤᠯᠠᠮᠵᠢᠯᠠᠭᠰᠠᠨ ᠠᠷᠠᠳ ᠤᠨ ᠵᠠᠩ ᠦᠢᠯᠡ ᠶᠢᠨ ᠰᠣᠶᠣᠯ ᠢ | ᠳᠡᠯᠭᠡᠨ ᠦᠵᠡᠭᠦᠯᠵᠦ᠂ ᠬᠥᠮᠦᠰ ᠤᠨ ᠠᠮᠢᠳᠤᠷᠠᠯ ᠤᠨ ᠠᠷᠭ᠎ᠠ ᠮᠠᠶ᠋ᠢᠭ᠂ ᠦᠷᠳᠡᠭ ᠤᠨ ᠦᠵᠡᠯᠲᠡ ᠪᠣᠯᠤᠨ ᠭᠤᠸ᠎ᠠ | ᠲᠠᠭᠠᠰᠢᠶᠠᠯ ᠤᠨ ᠦᠵᠡᠯᠲᠡ ᠶᠢ ᠲᠤᠰᠬᠠᠵᠤ᠂ ᠦᠨᠳᠦᠰᠦᠲᠡᠨ ᠨᠦᠭᠦᠳ ᠤᠨᠶᠠᠪᠤᠯᠴᠠᠭᠠ ᠰᠣᠯᠢᠯᠴᠠᠭ᠎ᠠ ᠠᠭᠤᠰᠤᠯᠴᠠᠯ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠭᠰᠠᠨ | ᠰᠡᠳᠬᠢᠯ ᠬᠥᠳᠡᠯᠭᠡᠮ᠎ᠡ ᠦᠯᠢᠭᠡᠷ ᠢ ᠢᠯᠡᠷᠡᠭᠦᠯᠦᠭᠰᠡᠨ ᠪᠠᠶᠢᠨ᠎ᠠ᠃ | ᠦᠵᠡᠭᠦᠯᠭᠡ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠲᠠᠷᠠᠭᠤᠯᠵᠤ᠂ ᠮᠦᠽᠧᠶ ᠳᠤ | ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠯᠠᠭᠤᠯᠤᠨ︾᠂ ᠭᠠᠵᠠᠷ ᠣᠷᠣᠨ ᠤ | ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠶᠢ ᠴᠢᠩᠭᠠᠳᠬᠠᠵᠤ᠂ ᠮᠦᠽᠧᠶ ᠶᠢᠨ ᠬᠤᠭᠤᠷᠣᠨᠳᠣᠬᠢ ᠡᠬᠢ | ᠪᠠᠶᠠᠯᠢᠭ ᠤᠨ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠶᠢ ᠪᠤᠢ ᠪᠣᠯᠭᠠᠵᠤ᠂ ᠦᠵᠡᠰᠬᠦᠯᠡᠩ ᠤᠨ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠲᠠᠯᠠᠪᠤᠷ ᠣᠷᠳᠣᠨ ᠤ | ᠨᠡᠶᠢᠭᠡᠮ ᠤᠨ ᠰᠤᠷᠭᠠᠨ ᠬᠥᠮᠦᠵᠢᠯ ᠪᠠ ᠨᠡᠶᠢᠭᠡᠮ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠭᠦᠢᠴᠡᠳ | ᠪᠠᠳᠠᠷᠠᠭᠤᠯᠵᠤ᠂ ᠲᠤᠬᠠᠶ ᠶᠢᠨ ᠭᠠᠵᠠᠷ ᠤᠨ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠳᠠ | ᠦᠭᠡᠢ ᠪᠠᠶᠠᠯᠢᠭᠵᠢᠭᠤᠯᠬᠤ ᠶᠢᠨ ᠲᠦᠯᠦᠭᠡ ᠶᠤᠮ᠃ | | | | | |