ᠦᠬᠠᠢ ᠬᠤᠲᠠ ᠪᠦᠬᠦᠯᠢ 60 ᠵᠢᠴᠢ ᠲᠡᠭᠦᠨ ᠠᠴᠠ ᠳᠡᠭᠡᠭᠰᠢᠬᠢ ᠨᠠᠰᠤᠨ ᠤ 9.8 ᠲᠦᠮᠡᠨ ᠨᠠᠰᠤᠲᠠᠶᠢᠴᠤᠳ ᠲᠤ ᠭᠡᠨᠡᠳᠲᠡ ᠶᠢᠨ ᠰᠢᠷᠬᠠᠲᠤᠯ ᠤᠨ ᠳᠠᠭᠠᠳᠬᠠᠯ ᠠᠪᠴᠤ ᠥᠭᠪᠡ
ᠨᠡᠶᠢᠲᠡᠯᠡᠭᠰᠡᠨ ᠴᠠᠭ᠄
2023/9/4
   ᠡᠨᠡ ᠵᠢᠯ᠂ ᠦᠬᠠᠢ ᠬᠤᠲᠠ ᠪᠦᠬᠦᠯᠢ 60 ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠦᠬᠠᠢ ᠶᠢᠨ ᠡᠷᠦᠬᠡ ᠠᠮᠠ ᠲᠠᠢ 9.8 ᠲᠦᠮᠡᠨ ᠨᠠᠰᠤᠲᠠᠶᠢᠴᠤᠳ ᠲᠤ ᠭᠡᠨᠡᠳᠲᠡ ᠶᠢᠨ ᠰᠢᠷᠬᠠᠲᠤᠯ ᠤᠨ ᠳᠠᠭᠠᠳᠬᠠᠯ ︵ᠳᠠᠭᠠᠳᠬᠠᠯ ᠤᠨ ᠵᠠᠷᠤᠳᠠᠯ ᠤᠨ ᠪᠠᠷᠢᠮᠵᠢᠶ᠎ᠠ ᠨᠢ ᠬᠥᠮᠥᠨ ᠪᠦᠷᠢ 15 ᠲᠥᠭᠦᠷᠢᠭ︶ ᠬᠤᠳᠠᠯᠳᠤᠨ ᠠᠪᠴᠤ᠂ ᠨᠠᠰᠤᠲᠠᠶᠢᠴᠤᠳ ᠤᠨ ᠭᠡᠨᠡᠳᠲᠡ ᠶᠢᠨ ᠰᠢᠷᠬᠠᠲᠤᠯ ᠤᠨ ᠳᠠᠭᠠᠳᠬᠠᠯ ᠤᠨ ᠵᠠᠷᠤᠳᠠᠯ ᠨᠡᠶᠢᠲᠡ 140 ᠭᠠᠷᠤᠢ ᠲᠦᠮᠡᠨ ᠲᠥᠭᠦᠷᠢᠭ ᠲᠤᠰᠢᠶᠠᠵᠠᠢ    ᠲᠣᠰ ᠳᠠᠭᠠᠳᠬᠠᠯ ᠨᠢ ᠨᠠᠰᠤᠲᠠᠶᠢᠴᠤᠳ ᠤᠨ ᠪᠥᠬᠦ ᠤᠯᠤᠰ ᠤᠨ ᠬᠡᠪᠴᠢᠶᠡᠨ ᠳᠤ ︵ᠰᠢᠶᠠᠩᠭᠠᠩ᠂ ᠣᠣᠮᠧᠨ᠂ ᠲᠠᠶᠢᠸᠠᠨ ᠪᠠᠭᠲᠠᠬᠤ ᠦᠭᠡᠢ︶ ᠭᠡᠨᠡᠳᠲᠡ ᠶᠢᠨ ᠰᠢᠷᠬᠠᠲᠤᠯ ︵ᠵᠢᠱᠢᠶᠡᠯᠡᠪᠡᠯ ᠮᠥᠷᠭᠦᠬᠦ᠂ ᠥᠨᠳᠥᠷ ᠠᠴᠠ ᠶᠠᠭᠤᠮ᠎ᠠ ᠤᠨᠠᠬᠤ᠂ ᠶᠠᠪᠤᠵᠤ ᠪᠠᠶᠢᠬᠤ ᠳᠤ ᠪᠠᠨ ᠣᠶᠢᠴᠢᠵᠦ ᠳᠤᠰᠤᠬᠤ ᠵᠡᠷᠭᠡ ᠭᠡᠨᠡᠳᠲᠡ ᠶᠢᠨ ᠪᠠᠶᠢᠳᠠᠯ︶ ᠳᠤ ᠤᠴᠠᠷᠠᠭᠰᠠᠨ ᠠᠴᠠ ᠪᠣᠯᠵᠤ ᠨᠠᠰᠤ ᠪᠠᠷᠠᠬᠤ᠂ ᠰᠢᠷᠬᠠᠲᠤᠵᠤ ᠭᠡᠮᠲᠦᠬᠦ ᠪᠤᠶᠤ ᠡᠮᠨᠡᠭᠦᠯᠬᠦ ᠵᠡᠷᠭᠡ ᠶᠢ ᠳᠠᠭᠠᠳᠬᠠᠨ᠎ᠠ᠃ ᠳᠠᠭᠠᠳᠬᠠᠯ ᠤᠨ ᠶᠡᠷᠦᠩᠬᠡᠢ ᠲᠤᠭ᠎ᠠ ᠨᠢ 25000 ᠲᠥᠭᠦᠷᠢᠭ / ᠬᠥᠮᠥᠨ / ᠵᠢᠯ ᠪᠠᠶᠢᠵᠤ᠂ ᠡᠭᠦᠨ ᠳᠤ ᠭᠡᠨᠡᠳᠲᠡ ᠶᠢᠨ ᠰᠢᠷᠬᠠᠲᠤᠯ ᠪᠠ ᠭᠡᠮᠲᠦᠯ ᠤᠨ ᠳᠠᠭᠠᠳᠬᠠᠯ ᠤᠨ ᠮᠥᠩᠭᠦ 20000 ᠲᠥᠭᠦᠷᠢᠭ᠂ ᠭᠡᠨᠡᠳᠲᠡ ᠶᠢᠨ ᠰᠢᠷᠬᠠᠲᠤᠯ ᠤᠨ ᠡᠮᠴᠢᠯᠡᠭᠡ ︵ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠬᠤ ᠪᠠᠭᠲᠠᠨ᠎ᠠ︶ 5000 ᠲᠥᠭᠦᠷᠢᠭ ᠪᠣᠯᠣᠨ᠎ᠠ᠃    ᠨᠠᠰᠤᠲᠠᠶᠢᠴᠤᠳ ᠭᠡᠨᠡᠳᠲᠡ ᠶᠢᠨ ᠰᠢᠷᠬᠠᠲᠤᠯ ᠠᠳᠡᠯ ᠭᠠᠷᠤᠭᠰᠠᠨ ᠤ ᠳᠠᠷᠠᠭ᠎ᠠ ᠬᠤᠶᠠᠷ ᠡᠳᠦᠷ ᠤᠨ ᠳᠣᠲᠣᠷ᠎ᠠ ᠬᠠᠷᠢᠶ᠎ᠠ ᠭᠠᠵᠠᠷ ᠤᠨ ᠦᠢᠯᠡᠴᠢᠯᠡᠭᠡᠨ ᠤ ᠤᠲᠠᠰᠤ ᠪᠠᠷ ᠬᠡᠷᠡᠭ ᠮᠡᠳᠡᠭᠦᠯᠵᠦ᠂ ᠳᠠᠭᠠᠳᠬᠠᠯ ᠤᠨ ᠲᠥᠯᠥᠭᠦᠯᠬᠦ ᠮᠠᠲ᠋ᠧᠷᠢᠶᠠᠯ ᠢᠶᠠᠨ ᠭᠦᠢᠴᠡᠳ ᠪᠡᠯᠡᠳᠬᠡᠭᠰᠡᠨ ᠤ ᠳᠠᠷᠠᠭ᠎ᠠ ᠭᠡᠷ ᠪᠦᠯᠢ ᠶᠢᠨ ᠬᠢᠨ ᠳᠤ ᠪᠠᠨ ᠨᠠᠶᠢᠳᠠᠵᠤ ᠲᠥᠯᠥᠭᠦᠯᠬᠦ ᠭᠠᠷ ᠭᠦᠢᠴᠡᠳᠬᠡᠯ ᠬᠢᠯᠭᠡᠵᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map