ᠰᠣᠶᠣᠯ ᠪᠠ ᠵᠢᠭᠤᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨ᠎ᠡ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2023/9/7
     8 ᠳ᠋ᠤᠭᠠᠷ ᠰᠠᠷ᠎ᠠ ᠶᠢᠨ 28 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨ᠎ᠡ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠠᠶᠢᠯᠭᠠᠬᠤ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠡᠾᠧ ᠫᠢᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠴᠢᠶᠦ᠋ᠨ᠂ ᠸᠠᠩ ᠰᠢᠦᠢ ᠳ᠋ᠦᠩ᠂ ᠯᠠ ᠢ ᠹᠠᠨ᠂ ᠯᠦ ᠶᠢᠩ ᠴᠤᠸᠠᠨ᠂ ᠷᠣᠣ ᠴᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠭᠤᠣᠯ ᠰᠡᠳᠦᠪᠲᠦ ᠬᠥᠮᠦᠵᠢᠯ ᠢ ᠲᠥᠪ ᠤᠨ ᠠᠷᠪᠠ ᠶᠢᠰᠦᠳᠦᠭᠡᠷ ᠵᠢᠯᠤᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃     ᠣᠯᠠᠨ ᠢᠶᠠᠷ ᠢᠶᠠᠨ ᠶᠠᠷᠢᠶᠠᠨ ᠳᠤ ᠪᠠᠨ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠨᠢ ᠶᠠᠮᠠᠷ ᠶᠠᠩᠵᠤ ᠶᠢᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠬᠡᠷᠬᠢᠨ ᠪᠠᠶᠢᠭᠤᠯᠬᠤ ᠵᠡᠷᠭᠡ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠳᠤ ᠢᠯᠡ ᠲᠣᠳᠣᠷᠬᠠᠢ ᠬᠠᠷᠢᠭᠤᠯᠲᠠ ᠥᠭᠴᠦ᠂ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠮᠠᠨ ᠤ ᠨᠠᠮ ᠤᠨ ᠲᠠᠨᠢᠯᠲᠠ ᠰᠢᠨ᠎ᠡ  ᠦᠨᠲᠦᠷᠴᠡ ᠳᠤ ᠬᠦᠷᠦᠭᠰᠡᠨ ᠢ ᠬᠠᠷᠠᠭᠤᠯᠵᠤ ᠪᠠᠶᠢᠨ᠎ᠠ᠃ ᠡᠨᠡ ᠬᠦ ᠴᠢᠬᠤᠯᠠ ᠦᠵᠡᠯ ᠰᠠᠨᠠᠭ᠎ᠠ ᠨᠢ ᠨᠠᠮ ᠤᠨ ᠪᠠᠶᠢᠭᠤᠯᠤᠯᠲᠠ ᠶᠢᠨ ᠦᠨᠳᠦᠰᠦᠨ ᠵᠠᠷᠴᠢᠮ᠂ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ᠂ ᠥᠷᠲᠡᠭ ᠤᠨ ᠬᠥᠭᠡᠭᠡᠴᠡᠯᠳᠦᠯ᠂ ᠭᠤᠣᠯᠳᠠᠯᠭ᠎ᠠ  ᠲᠠᠢ ᠡᠭᠦᠷᠭᠡ  ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠷᠺᠰ ᠤᠨ ᠦᠵᠡᠯ ᠤᠨ ᠨᠠᠮ ᠪᠠᠶᠢᠭᠤᠯᠬᠤ ᠰᠤᠷᠭᠠᠯ ᠤᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠬᠤᠯᠠ ᠦᠵᠡᠯ ᠰᠠᠨᠠᠭᠠᠨ ᠤ ᠰᠠᠭᠤᠷᠢ ᠶᠢ ᠬᠠᠩᠭᠠᠵᠠᠢ  ᠃ ᠰᠢᠨ᠎ᠡ ᠴᠠᠭ ᠦᠶ᠎ᠡ ᠰᠢᠨ᠎ᠡ ᠠᠶᠠᠯᠠᠯ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ᠰᠣᠶᠣᠯ ᠪᠠ  ᠵᠢᠭᠤᠯᠴᠢᠯᠠᠯ ᠤᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ  ᠭᠡᠪᠡ᠃      ᠰᠣᠶᠣᠯ ᠪᠠ ᠵᠢᠭᠤᠯᠴᠢᠯᠠᠯ ᠤᠨ ᠶᠠᠮᠤᠨ ᠤ ᠡᠯ᠎ᠡ ᠵᠤᠷᠭᠠᠨ ᠲᠣᠪᠴᠢᠶ᠎ᠠ᠂ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map