ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ ᠲᠢᠶᠠᠨ ᠱᠢ ᠬᠤᠩ ᠴᠢ᠊ ᠪᠠᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2023/9/8
   9 ᠰᠠᠷ᠎ᠠ ᠶᠢᠨ 6 ᠤ ᠡᠳᠦᠷ᠂ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠦᠭᠡᠬᠤᠲᠠ ᠳᠤ ︽ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠬᠢᠷᠠᠯᠴᠠᠵᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ᠂ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠵᠥᠪᠯᠡᠯ ᠤᠨ ᠡᠷᠭᠢᠯᠡᠭᠴᠢ ᠲᠢᠶᠠᠨ ᠱᠢ ᠬᠤᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠳᠡᠭᠡᠷ᠎ᠡ ᠭᠠᠷ ᠤᠨ ᠦᠰᠦᠭ ᠵᠢᠷᠤᠪᠠ᠃    ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠪᠠᠷᠢᠮᠵᠢᠶᠠᠵᠢᠭᠤᠯᠤᠯᠲᠠ ᠶᠢᠨ ᠰᠢᠨ᠎ᠡ ᠶᠢ ᠡᠭᠦᠳᠬᠦ ᠬᠥᠭᠵᠢᠯᠲᠡ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠢᠰᠲ᠋ᠧᠮ ᠤᠨ ᠪᠠᠶᠢᠭᠤᠯᠤᠯᠲᠠ᠂ ᠪᠠᠷᠢᠮᠵᠢᠶᠠᠵᠢᠭᠤᠯᠤᠯᠲᠠ ᠶᠢ ᠲᠣᠭᠠᠴᠢᠯᠠᠯᠳᠠ ᠲᠡᠶᠢᠰᠢ ᠭᠡᠯᠪᠡᠷᠢ ᠶᠢ ᠬᠤᠪᠢᠷᠠᠭᠤᠯᠤᠨ ᠬᠥᠭᠵᠢᠭᠦᠯᠬᠦ᠂ ᠤᠯᠤᠰ ᠤᠨ ᠮᠡᠷᠭᠡᠵᠢᠯ ᠤᠨ ᠪᠠᠷᠢᠮᠵᠢᠶ᠎ᠠ ᠶᠢᠨ ᠰᠢᠨ᠎ᠡ ᠶᠢ ᠡᠭᠦᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ᠃ ᠪᠠᠷᠢᠮᠵᠢᠶᠠᠵᠢᠭᠤᠯᠤᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map