2023 ᠣᠨ ᠤ ᠵᠢᠭᠤᠯᠴᠢᠯᠠᠯ ᠤᠨ ᠦᠢᠯᠡᠴᠢᠯᠡᠭᠡᠨ ᠤ  ᠭᠠᠵᠠᠷ ᠤᠨ  ᠦᠢᠯᠡᠴᠢᠯᠡᠭᠡᠨ ᠤ ᠶᠠᠰᠤ ᠴᠢᠨᠠᠷ  ᠤᠨ ᠢᠲᠡᠭᠡᠮᠵᠢ ᠶᠢᠨ ᠲᠡᠰ ᠤᠨ ᠨᠡᠷᠡᠰ ᠤᠨ ᠨᠡᠶᠢᠲᠡᠯᠡᠯ
ᠨᠡᠶᠢᠲᠡᠯᠡᠭᠰᠡᠨ ᠴᠠᠭ᠄
2024/1/13
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠦᠢᠯᠡᠴᠢᠯᠡᠭᠡᠨ ᠤ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ ᠲᠠᠰ ᠤᠨ ᠦᠨᠡᠯᠡᠯᠲᠡ ᠬᠢᠭᠡᠳ ᠬᠤᠪᠢᠶᠠᠷᠢᠯᠠᠯ︾ ᠤᠨ ᠣᠷᠣᠨ ᠨᠤᠲᠤᠭ ᠤᠨ ᠪᠠᠷᠢᠮᠵᠢᠶ᠎ᠠ ᠶᠢ ᠦᠨᠳᠦᠰᠦᠯᠡᠨ᠂ ᠠᠶᠢᠮᠠᠭ ᠬᠤᠲᠠ ᠶᠢᠨ ᠲᠠᠨᠢᠯᠴᠠᠭᠤᠯᠭ᠎ᠠ᠂ ᠲᠤᠰᠬᠠᠢ ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠳᠡᠮᠵᠢᠨ᠂ ᠡᠳᠦᠭᠡ 4A ᠲᠠᠰ ᠪᠠ 5A ᠲᠠᠰ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠨᠡᠷᠡᠰ ᠢᠶᠠᠷ ᠬᠢᠨᠠᠨ ᠲᠣᠭᠲᠠᠭᠠᠬᠤ ᠶᠢ ᠵᠠᠷᠯᠠᠨ ᠨᠡᠶᠢᠲᠡᠯᠡᠨ᠎ᠡ᠃      ᠨᠢᠭᠡ᠂ ᠢᠯᠡ ᠨᠡᠶᠢᠲᠡᠯᠡᠬᠦ ᠴᠠᠭ      2024 ᠣᠨ ᠤ 1 ᠰᠠᠷ᠎ᠠ ᠶᠢᠨ 2 ᠤᠨ ᠡᠳᠦᠷ ᠠᠴᠠ 1 ᠰᠠᠷ᠎ᠠ ᠶᠢᠨ 4 ᠤ ᠡᠳᠦᠷ ᠪᠣᠯᠲᠠᠯ᠎ᠠ ᠨᠡᠶᠢᠲᠡ 3 ᠡᠳᠦᠷ ᠪᠣᠯᠣᠨ᠎ᠠ᠃      ᠬᠤᠶᠠᠷ᠂ ᠢᠯᠡ ᠨᠡᠶᠢᠲᠡᠯᠡᠬᠦ ᠡᠲᠡᠭᠡᠳ      1.2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 4A ᠲᠡᠰ ᠤᠨ ᠵᠢᠭᠤᠯᠴᠢᠯᠠᠯ ᠤᠨ ᠭᠠᠵᠠᠷ ᠤᠨ ᠨᠡᠷᠡᠰ᠃      2.2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 5A ᠲᠠᠰ ᠤᠨ ᠵᠢᠭᠤᠯᠴᠢᠯᠠᠯ ᠤᠨ ᠭᠠᠵᠠᠷ ᠤᠨ ᠨᠡᠷᠡᠰ᠃      ᠭᠤᠷᠪᠠ᠂ ᠵᠠᠷᠯᠠᠨ ᠨᠡᠶᠢᠲᠡᠯᠡᠬᠦ ᠱᠠᠭᠠᠷᠳᠠᠯᠭ᠎ᠠ      ᠢᠯᠡ ᠨᠡᠶᠢᠲᠡᠯᠡᠬᠦ ᠬᠤᠭᠤᠴᠠᠭᠠᠨ ᠳᠤ᠂ ᠢᠯᠡ ᠨᠡᠶᠢᠲᠡᠯᠡᠬᠦ ᠡᠲᠡᠭᠡᠳ ᠲᠤ ᠣᠨᠳᠣᠣ ᠰᠠᠨᠠᠯ ᠲᠠᠢ ᠨᠢᠭᠡᠴᠢ᠂ ᠬᠤᠪᠢ ᠬᠥᠮᠥᠨ ᠴᠥᠮ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠲᠤᠰᠬᠠᠵᠤ ᠪᠣᠯᠣᠨ᠎ᠠ᠃ ᠲᠤᠰᠬᠠᠬᠤ ᠳᠤ ᠪᠠᠨ ᠦᠨᠡᠨ ᠠᠴᠠ ᠵᠥᠪ ᠢ ᠡᠷᠢᠬᠦ ᠬᠡᠷᠡᠭᠲᠡᠢ ᠪᠥᠭᠡᠳ ᠲᠤᠰᠬᠠᠭᠰᠠᠨ ᠠᠰᠠᠭᠤᠳᠠᠯ ᠤᠨ ᠢᠶᠠᠨ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠨᠢᠭᠡᠴᠢ ᠶᠢᠨ ᠨᠡᠷ᠎ᠡ ᠪᠠᠷ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠃ ᠬᠤᠪᠢ ᠬᠥᠮᠥᠨ ᠤ ᠨᠡᠷ᠎ᠡ ᠪᠠᠷ ᠲᠤᠰᠬᠠᠭᠰᠠᠨ ᠪᠠᠶᠢᠪᠠᠯ᠂ ᠦᠨᠡᠨ ᠪᠣᠳᠠᠲᠠᠢ ᠣᠪᠣᠭ ᠨᠡᠷ᠎ᠡ᠂ ᠠᠵᠢᠯᠯᠠᠵᠤ ᠪᠠᠶᠢᠭ᠎ᠠ ᠨᠢᠭᠡᠴᠢ᠂ ᠬᠠᠷᠢᠯᠴᠠᠬᠤ ᠬᠠᠶ᠋ᠢᠭ ᠵᠢᠴᠢ ᠬᠠᠷᠢᠯᠴᠠᠬᠤ ᠤᠲᠠᠰᠤ ᠪᠠᠨ ᠪᠢᠴᠢᠵᠦ᠂ ᠬᠤᠯᠪᠣᠭᠳᠠᠯ ᠪᠦᠬᠦᠢ ᠪᠠᠶᠢᠳᠠᠯ ᠢ ᠬᠢᠨᠠᠨ ᠬᠠᠷᠭᠤᠭᠤᠯᠵᠤ ᠣᠶᠢᠯᠠᠭᠠᠬᠤ ᠳᠤ ᠳᠦᠭᠦᠮ ᠪᠣᠯᠭᠠᠬᠤ ᠬᠡᠷᠡᠭᠲᠡᠢ᠃      ᠬᠠᠷᠢᠯᠴᠠᠬᠤ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠠᠬ᠎ᠠ ᠳᠡᠯᠭᠡᠭᠦᠷ ᠤᠨ  ᠬᠠᠮᠢᠶᠠᠷᠤᠯᠲᠠ ᠶᠢᠨ ᠭᠠᠵᠠᠷ      ᠬᠠᠷᠢᠯᠴᠠᠬᠤ ᠤᠲᠠᠰᠤ᠄ 0471-6356742      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ  ᠪᠠᠷᠠᠭᠤᠨ ᠵᠡᠭᠡᠯᠢ ᠶᠢᠨ 32 ᠳ᠋ᠤᠭᠠᠷ ᠨᠣᠮᠧᠷ      ᠰᠢᠤᠳᠠᠨ ᠳ᠋ᠤᠭᠠᠷ᠄ 010020      ᠳᠠᠭᠠᠯᠳᠤᠭᠤᠯᠤᠯ᠄      1.2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 4A ᠲᠠᠰ ᠤᠨ ᠵᠢᠭᠤᠯᠴᠢᠯᠠᠯ ᠤᠨ ᠭᠠᠵᠠᠷ ᠤᠨ ᠨᠡᠷᠡᠰ  ︵ᠨᠠᠷᠢᠨ ᠵᠦᠢᠯᠡᠰ ᠢ ᠬᠢᠲᠠᠳ ᠰᠦᠯᠵᠢᠶᠡᠨ ᠠᠴᠠ ᠯᠠᠪᠯᠠᠭᠠᠷᠠᠢ  ᠃︶      2.2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 5A ᠲᠠᠰ ᠤᠨ ᠵᠢᠭᠤᠯᠴᠢᠯᠠᠯ ᠤᠨ ᠭᠠᠵᠠᠷ ᠤᠨ  ᠨᠡᠷᠡᠰ  ︵ᠨᠠᠷᠢᠨ ᠵᠦᠢᠯᠡᠰ ᠢ ᠬᠢᠲᠠᠳ ᠰᠦᠯᠵᠢᠶᠡᠨ ᠠᠴᠠ ᠯᠠᠪᠯᠠᠭᠠᠷᠠᠢ  ᠃︶                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                ᠵᠢᠭᠤᠯᠴᠢᠯᠠᠯ ᠤᠨ ᠪᠠᠷᠢᠮᠵᠢᠶᠠᠵᠢᠭᠤᠯᠬᠤ ᠮᠡᠷᠭᠡᠵᠢᠯ ᠤᠨ ᠺᠣᠮᠢᠰ                             2024 ᠣᠨ ᠤ 1 ᠳ᠋ᠦ᠋ᠭᠡᠷ ᠰᠠᠷ᠎ᠠ ᠶᠢᠨ 2 ᠤᠨ ᠡᠲᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map