| ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠪᠠ ᠯᠢ ᠰᠢ | ᠬᠤᠷᠠᠯ ᠢ ᠡᠷᠭᠢᠯᠡᠪᠡ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 8 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠶᠢᠨ ᠠᠷᠪᠠᠨ ᠵᠢᠯ ᠢᠯᠵᠠᠷᠠᠯ ᠢ ᠴᠥᠬᠦᠷᠡᠰᠢ | ᠦᠭᠡᠢ ᠬᠦᠴᠦᠲᠡᠢ ᠡᠰᠡᠷᠭᠦᠴᠡᠬᠦ ᠶᠢ ᠪᠠᠷᠢᠮᠲᠠᠯᠠᠭᠰᠠᠨ ᠢᠶᠠᠷ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ | ᠢᠯᠠᠯᠲᠠ ᠣᠯᠵᠤ ᠪᠦᠭᠦ ᠲᠠᠯ᠎ᠠ ᠪᠠᠷ ᠪᠠᠬᠢᠵᠢᠭ᠍ᠰᠡᠨ ᠪᠠᠶᠢᠨ᠎ᠠ᠂ ᠭᠡᠪᠡᠴᠦ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ | ᠪᠤᠳᠤᠯᠢᠶᠠᠨᠲᠠᠢ ᠪᠠᠶᠢᠨ᠎ᠠ᠃ ᠪᠢᠳᠡ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠬᠠᠨᠳᠤᠰᠢ ᠶᠢ | ᠰᠡᠷᠭᠡᠭ ᠢᠶᠠᠷ ᠲᠠᠨᠢᠵᠤ᠂ ᠢᠯᠵᠠᠷᠠᠯ ᠤᠨ ᠠᠰᠠᠭᠤᠳᠠᠯ ᠤᠨ ᠡᠭᠦᠰᠴᠦ ᠪᠠᠶᠢᠭ᠎ᠠ ᠬᠥᠷᠥᠰᠥ ᠰᠢᠷᠣᠢ ᠪᠠ ᠨᠥᠬᠦᠴᠡᠯ ᠢ | ᠰᠡᠷᠭᠡᠭ ᠢᠶᠠᠷ ᠲᠠᠨᠢᠵᠤ᠂ ᠡᠭᠦᠷᠢᠳᠡ ᠵᠣᠭᠰᠣᠰᠢ ᠦᠭᠡᠢ ᠪᠠᠶᠢᠬᠤ ᠬᠠᠳᠠᠨ ᠵᠣᠷᠢᠭ ᠪᠠ ᠡᠷᠡᠰ ᠪᠠᠷᠢᠮᠲᠠᠯᠠᠯ ᠢᠶᠠᠷ ᠤᠨᠢᠨ | ᠳᠡᠭᠡᠷ᠎ᠡ ᠨᠢ ᠬᠦᠴᠦᠯᠡᠨ᠂ ᠦᠷᠭᠦᠯᠵᠢᠯᠡᠨ ᠬᠦᠴᠦᠯᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠵᠠᠪᠠᠯ ᠲᠡᠮᠡᠴᠡᠨ ᠣᠯᠬᠤ ᠬᠡᠷᠡᠭᠲᠡᠢ ᠭᠡᠵᠦ | ᠴᠢᠬᠤᠯᠠᠴᠢᠯᠠᠪᠠ᠃ | 1 ᠰᠠᠷ᠎ᠠ ᠶᠢᠨ 8 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠃ ᠨᠠᠮ ᠤᠨ ᠲᠥᠪ ᠬᠤᠷᠢᠶ᠎ᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢ | ᠭᠤᠶᠢᠪᠢᠰᠢ ᠦᠭᠡᠢ ᠠᠬᠢᠭᠤᠯᠵᠤ᠂ ᠪᠦᠭᠦ ᠨᠠᠮ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ | ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠪᠴᠢᠲᠠᠢ | ᠪᠤᠯᠭᠠᠬᠤ᠂ ᠪᠠᠶᠢᠩᠭᠤᠵᠢᠭᠤᠯᠬᠤ ᠶᠢ ᠬᠦᠴᠦᠯᠡᠨ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠲᠣᠪᠤᠶᠢᠮ᠎ᠠ | ᠠᠰᠠᠭᠤᠳᠠᠯ ᠢ ᠬᠦᠴᠦᠯᠡᠨ ᠴᠡᠭᠴᠡᠯᠡᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠡᠩᠨᠡᠭᠡᠨ ᠳᠠᠬᠢ ᠤᠯᠠᠨ ᠢ ᠲᠦᠢᠪᠡᠭᠡᠭᠴᠢ ᠶᠢ | ᠡᠷᠡᠰ ᠠᠷᠢᠯᠭᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠶᠢ ᠴᠢᠩᠭ᠎ᠠ ᠪᠣᠳᠠᠲᠠᠢ ᠴᠢᠩᠭᠠᠳᠬᠠᠵᠤ᠂ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠠᠶᠠᠨ ᠤ ᠡᠭᠢᠯᠡᠯᠲᠡ ᠶᠢ ᠬᠦᠴᠦᠲᠡᠢ ᠬᠥᠲᠥᠯᠥᠨ ᠳᠠᠭᠠᠭᠤᠯᠵᠤ ᠪᠠᠲᠤᠯᠠᠪᠠ | ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠮᠠᠨ ᠤ ᠨᠠᠮ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ | ᠪᠣᠯᠤᠭᠰᠠᠨ ᠤ ᠬᠤᠪᠢ ᠳᠤ᠂ ᠬᠡᠷᠬᠢᠨ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡ ᠶᠢᠨ ᠦᠶᠡᠯᠡᠯ ᠤᠨ | ᠳᠠᠪᠲᠠᠮᠵᠢ ᠠᠴᠠ ᠠᠮᠵᠢᠯᠲᠠ ᠲᠠᠢ ᠮᠤᠯᠲᠤᠷᠠᠵᠤ᠂ ᠨᠠᠮ ᠥᠨᠢ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ | ᠦᠭᠡᠢ ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠪᠤᠢ︖ ᠡᠨᠡ ᠪᠣᠯ ᠪᠦᠭᠦ ᠨᠠᠮ ᠤᠨ ᠨᠥᠬᠦᠳ ᠤᠨ ᠡᠮᠦᠨ᠎ᠡ | ᠲᠠᠯᠪᠢᠭᠳᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠠᠭᠤᠤ ᠶᠡᠭᠡ ᠦᠢᠯᠡᠳᠦᠯᠭᠡ ᠶᠢᠨ | ᠳᠤᠮᠳᠠ᠂ ᠪᠢᠳᠡ ᠲᠠᠰᠤᠷᠠᠯᠲᠠ ᠦᠭᠡᠢ ᠦᠢᠯᠡᠳᠦᠯᠭᠡ ᠶᠢᠨ ᠰᠦᠪᠡᠭᠴᠢᠯᠡᠯᠲᠡ ᠪᠠ ᠤᠨᠤᠯ ᠤᠨ ᠪᠣᠳᠣᠯᠬᠢᠯᠠᠯ ᠬᠢᠵᠦ᠂ ᠮᠠᠤ | ᠽᠧ ᠳ᠋ᠦᠩ ᠨᠥᠬᠦᠷ ᠤᠨ ᠲᠤᠬᠠᠢ ᠶᠢᠨ ᠵᠢᠯ ᠤᠨ ︽ᠠᠷᠠᠳ ᠲᠦᠮᠡᠨ ᠢᠶᠠᠷ ᠵᠠᠰᠠᠭ ᠤᠨ ᠣᠷᠳᠣᠨ ᠳᠤ ᠬᠢᠨᠠᠯᠲᠠ ᠲᠠᠯᠪᠢᠭᠤᠯᠬᠤ | ᠬᠡᠷᠡᠭᠲᠡᠢ︾ ᠭᠡᠰᠡᠨ ᠨᠢᠭᠡᠳᠦᠭᠡᠷ ᠬᠠᠷᠢᠭᠤᠯᠲᠠ ᠶᠢᠨ ᠰᠠᠭᠤᠷᠢᠨ ᠳᠡᠭᠡᠷ᠎ᠡ᠂ ᠬᠤᠶᠠᠳᠤᠭᠠᠷ ᠬᠠᠷᠢᠭᠤᠯᠲᠠ ᠶᠢ ᠡᠷᠢᠵᠦ ᠣᠯᠵᠠᠢ᠂ | ᠡᠨᠡ ᠨᠢ ᠳᠠᠷᠤᠢ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠲᠠᠰᠤᠷᠠᠯᠲᠠ ᠦᠭᠡᠢ ᠠᠬᠢᠭᠤᠯᠬᠤ ᠶᠠᠪᠤᠳᠠᠯ ᠪᠣᠯᠣᠨ᠎ᠠ᠃ ᠰᠢᠨ᠎ᠡ | ᠴᠠᠭ ᠦᠶ᠎ᠡ ᠶᠢᠨ ᠠᠷᠪᠠᠨ ᠵᠢᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠢᠯᠡᠳᠦᠯᠭᠡ ᠪᠣᠯᠣᠨ ᠤᠨᠤᠯ ᠤᠨ | ᠰᠦᠪᠡᠭᠴᠢᠯᠡᠯᠲᠡ ᠳᠤᠮᠳᠠ᠂ ᠪᠢᠳᠡ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠲᠠᠨᠢᠯᠲᠠ ᠪᠠᠨ ᠲᠠᠰᠤᠷᠠᠯᠳᠡ | ᠦᠭᠡᠢ ᠭᠦᠨᠵᠡᠭᠡᠶᠢᠷᠡᠭᠦᠯᠵᠦ᠂ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠵᠤ᠂ ᠠᠯᠢ ᠤᠯᠠᠨ | ᠴᠢᠬᠤᠯᠠ ᠤᠨᠤᠯ ᠤᠨ ᠦᠷ᠎ᠡ ᠪᠦᠲᠦᠭᠡᠯ ᠢ ᠪᠦᠷᠢᠯᠳᠦᠭᠦᠯᠵᠦ᠂ ᠮᠠᠨ ᠤ ᠨᠠᠮ ᠤᠨ ᠶᠠᠭᠤᠨ ᠳᠤ ᠥᠪᠡᠷ ᠪᠡᠶ᠎ᠡ ᠶᠢᠨ ᠬᠤᠪᠢᠰᠬᠠᠯ | ᠬᠢᠬᠦ᠂ ᠶᠠᠭᠠᠬᠢᠭᠠᠳ ᠥᠪᠡᠷ ᠪᠡᠶ᠎ᠡ ᠶᠢᠨ ᠬᠤᠪᠢᠰᠬᠠᠯ ᠬᠢᠵᠦ ᠳᠡᠶᠢᠯᠭᠦ᠂ ᠥᠪᠡᠷ ᠪᠡᠶ᠎ᠡ ᠶᠢᠨ ᠬᠤᠪᠢᠰᠬᠠᠯ ᠢ ᠬᠡᠷᠬᠢᠨ | ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠭᠦᠨᠵᠡᠭᠡᠢ ᠠᠬᠢᠭᠤᠯᠬᠤ ᠦᠢᠯᠡᠳᠦᠯᠭᠡ ᠶᠢᠨ ᠳᠤᠮᠳᠠ | ᠶᠢᠰᠦᠨ ᠠᠰᠠᠭᠤᠳᠠᠯ ᠢ ᠰᠠᠶᠢᠲᠤᠷ ᠡᠵᠡᠮᠳᠡᠬᠦ ᠴᠢᠬᠤᠯᠠᠲᠠᠢ᠂ ᠲᠤᠬᠠᠶᠢᠯᠠᠪᠠᠯ᠄ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦᠨ ᠪᠠᠲᠤᠯᠠᠭ᠎ᠠ ᠪᠤᠯᠭᠠᠵᠤ᠂ ᠠᠭᠤᠤ ᠶᠡᠭᠡ ᠨᠡᠶᠢᠭᠡᠮ ᠤᠨ | ᠬᠤᠪᠢᠰᠬᠠᠯ ᠢ ᠬᠥᠲᠥᠯᠥᠨ ᠳᠠᠭᠠᠭᠤᠯᠬᠤ ᠪᠠᠷ ᠦᠨᠳᠦᠰᠦᠨ ᠵᠣᠷᠢᠯᠭ᠎ᠠ ᠪᠤᠯᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠤᠯᠭᠠᠵᠤ᠂ ᠲᠡᠦᠬᠡ ᠶᠢᠨ | ᠦᠶᠡᠯᠡᠯ ᠤᠨ ᠳᠠᠪᠲᠠᠮᠵᠢ ᠠᠴᠠ ᠮᠤᠯᠲᠤᠷᠠᠬᠤ ᠪᠠᠷ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠤᠯᠭᠠᠵᠤ᠂ ᠲᠣᠮᠣ ᠨᠠᠮ ᠤᠨ | ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠰᠢᠪᠲᠤᠯᠬᠤ ᠴᠢᠭᠯᠡᠯ ᠢᠶᠠᠨ ᠪᠤᠯᠭᠠᠵᠤ᠂ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠪᠦᠲᠦᠮᠵᠢᠲᠡᠶ ᠠᠷᠭ᠎ᠠ ᠵᠠᠮ ᠪᠤᠯᠭᠠᠵᠤ᠂ ᠡᠷᠡᠰ ᠬᠠᠲᠠᠭᠤ | ᠵᠣᠬᠢᠶᠠᠨ ᠪᠠᠶᠢᠭᠤᠯᠤᠯᠲᠠ ᠶᠢ ᠳᠠᠪᠲᠠᠨ ᠪᠤᠯᠪᠠᠰᠤᠷᠠᠭᠤᠯᠬᠤ᠂ ᠪᠠᠲᠤ ᠴᠢᠩᠭ᠎ᠠ ᠡᠩᠨᠡᠭᠡ ᠶᠢ ᠪᠠᠶᠢᠭᠤᠯᠬᠤ ᠪᠠᠷ ᠴᠢᠬᠤᠯᠠ | ᠬᠦᠴᠦᠯᠡᠬᠦ ᠴᠡᠭ ᠪᠤᠯᠭᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠴᠢᠬᠤᠯᠠ ᠭᠠᠷᠳᠠᠴᠠ ᠪᠤᠯᠭᠠᠵᠤ᠂ | ᠲᠤᠰ ᠪᠡᠶ᠎ᠡ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠶᠠᠯᠳᠤᠭᠤᠯᠬᠤ ᠪᠠᠷ ᠬᠦᠴᠦᠷᠬᠡᠭ ᠶᠡᠭᠡ ᠬᠥᠳᠡᠯᠭᠡᠬᠦ | ᠬᠦᠴᠦᠨ ᠪᠤᠯᠭᠠᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ | ᠵᠡᠷᠭᠡ ᠪᠠᠷ ᠤᠷᠤᠭᠰᠢᠯᠠᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠢᠯᠡᠳᠦᠯᠭᠡ ᠶᠢᠨ | ᠰᠦᠪᠡᠭᠴᠢᠯᠡᠯᠲᠡ ᠪᠠ ᠤᠨᠤᠯ ᠤᠨ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠬᠢᠵᠦ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠲᠤᠬᠠᠢ ᠵᠢᠮ᠎ᠡ ᠶᠣᠰᠣᠴᠢ ᠴᠢᠨᠠᠷ ᠤᠨ ᠲᠠᠨᠢᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠨᠠᠮ ᠤᠨ | ᠥᠪᠡᠷ ᠪᠡᠶ᠎ᠡ ᠶᠢᠨ ᠬᠤᠪᠢᠰᠬᠠᠯ ᠬᠢᠬᠦ ᠰᠡᠳᠬᠢᠴᠡ ᠠᠷᠭ᠎ᠠ ᠬᠡᠮᠵᠢᠶ᠎ᠡ ᠶᠢ ᠨᠡᠩ ᠨᠢᠭᠲᠠ ᠴᠢᠩᠭ᠎ᠠ ᠪᠤᠯᠭᠠᠵᠤ᠂ ᠹᠷᠣᠨᠲ | ᠪᠦᠷᠢ ᠶᠢᠨ᠂ ᠭᠤᠭᠴᠤᠭ᠎ᠠ ᠪᠦᠷᠢ ᠶᠢᠨ ᠥᠪᠡᠷ ᠪᠡᠶ᠎ᠡ ᠶᠢᠨ ᠬᠤᠪᠢᠰᠬᠠᠯ ᠢ ᠪᠣᠳᠠᠲᠠᠢ ᠠᠳᠬᠤᠵᠤ᠂ ᠭᠦᠨᠵᠡᠭᠡᠢ ᠠᠳᠬᠤᠬᠤ | ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨ᠎ᠡ ᠠᠶᠠᠨ ᠳᠤ ᠢᠯᠵᠠᠷᠠᠯ ᠢ ᠡᠰᠡᠷᠭᠦᠴᠡᠬᠦ ᠲᠡᠮᠡᠴᠡᠯ ᠬᠢᠬᠦ ᠳᠤ᠂ ᠡᠷᠬᠡᠪᠰᠢ ᠢᠯᠵᠠᠷᠠᠯ ᠤᠨ | ᠠᠰᠠᠭᠤᠳᠠᠯ ᠡᠭᠦᠰᠬᠦ ᠬᠥᠷᠥᠰᠥ ᠰᠢᠷᠣᠢ ᠪᠣᠯᠣᠨ ᠨᠥᠬᠦᠴᠡᠯ ᠢ ᠠᠷᠢᠯᠭᠠᠬᠤ ᠳᠡᠭᠡᠷ᠎ᠡ ᠦᠷᠭᠦᠯᠵᠢᠯᠡᠨ ᠬᠦᠴᠦᠯᠡᠵᠦ᠂ | ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠶᠡᠷᠦᠩᠬᠡᠢ ᠱᠠᠭᠠᠷᠳᠠᠯᠭ᠎ᠠ ᠪᠣᠯ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ | ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ | ᠦᠡᠭᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ᠂ ᠰᠢᠰᠲ᠋ᠧᠮ ᠲᠠᠢ ᠪᠠᠷ ᠵᠠᠰᠠᠬᠤ ᠶᠢ ᠭᠦᠨᠵᠡᠭᠡᠶᠢᠷᠡᠭᠦᠯᠦᠨ᠂ ᠢᠯᠵᠠᠷᠠᠯ ᠢ | ᠡᠰᠡᠷᠭᠦᠴᠡᠬᠦ ᠲᠡᠮᠡᠴᠡᠯ ᠤᠨ ᠭᠦᠨᠴᠡ ᠪᠠ ᠥᠷᠭᠡᠴᠡ ᠶᠢ ᠲᠠᠰᠤᠷᠠᠯᠳᠠ ᠦᠭᠡᠢ ᠶᠡᠬᠡᠰᠬᠡᠵᠦ᠂ ᠡᠪᠡᠳᠴᠢᠨ ᠳᠤᠨᠢ ᠲᠣᠬᠢᠷᠠᠭᠤᠯᠤᠨ | ᠡᠮ ᠥᠭᠴᠦ᠂ ᠨᠠᠷᠢᠯᠢᠭ ᠣᠨᠣᠴᠠᠲᠠᠢ ᠵᠠᠰᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠲᠠᠭᠢᠨ | ᠳᠠᠪᠲᠠᠨ ᠡᠭᠦᠰᠴᠦ ᠪᠠᠶᠢᠭ᠎ᠠ ᠬᠠᠭᠤᠴᠢᠨ ᠠᠰᠠᠭᠤᠳᠠᠯ ᠢ ᠠᠯᠬᠤᠮ ᠠᠯᠬᠤᠮ ᠢᠶᠠᠷ ᠪᠠᠭᠠᠰᠬᠠᠵᠤ᠂ ᠰᠢᠨ᠎ᠡ ᠪᠠᠷ ᠢᠯᠡᠷᠡᠭᠰᠡᠨ | ᠠᠰᠠᠭᠤᠳᠠᠯ ᠢ ᠦᠷᠪᠢᠰᠦᠨ ᠳᠡᠯᠭᠡᠷᠡᠬᠦᠶ᠎ᠡ ᠪᠡᠷᠬᠡ ᠪᠤᠯᠭᠠᠵᠤ᠂ ᠢᠯᠵᠠᠷᠠᠯ ᠤᠨ ᠠᠰᠠᠭᠤᠳᠠᠯ ᠢ ᠰᠡᠷᠭᠡᠶᠢᠯᠡᠬᠦ ᠪᠠ ᠵᠠᠰᠠᠬᠤ ᠶᠢ | ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠳᠠᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ | ᠃ | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠲᠡᠮᠡᠴᠡᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠦᠭᠦ | ᠶᠠᠪᠤᠴᠠ ᠳᠠᠬᠢ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠢᠯᠵᠠᠷᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ | ᠡᠷᠡᠰ ᠳᠡᠮᠵᠢᠵᠦ᠂ ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ | ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠤᠰᠬᠠᠢ ᠬᠠᠷᠢᠭᠤᠴᠠᠬᠤ ᠪᠠᠶᠢᠭᠤᠯᠭ᠎ᠠ | ᠪᠣᠯᠤᠭᠰᠠᠨ ᠤ ᠬᠤᠪᠢ ᠳᠤ᠂ ᠨᠡᠩ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ᠲᠠᠢ | ᠬᠦᠴᠦᠲᠡᠢ ᠪᠥᠭᠡᠳ ᠪᠦᠲᠦᠮᠵᠢᠳᠠᠢ ᠬᠠᠮᠵᠢᠯᠴᠠᠨ ᠢᠯᠵᠠᠷᠠᠯ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ | ᠢᠯᠵᠠᠷᠠᠯ ᠢ ᠡᠰᠡᠷᠭᠦᠴᠡᠬᠦ ᠪᠦᠭᠦ ᠬᠡᠯᠬᠢᠶᠡᠨ ᠤ ᠬᠦᠴᠦᠨ ᠢ ᠨᠡᠶᠢᠳᠬᠡᠬᠦ ᠬᠡᠷᠡᠭᠲᠡᠢ᠃ ᠡᠯ᠎ᠡ ᠡᠭᠦᠷᠭᠡ ᠲᠤᠰᠢᠶᠠᠯᠲᠤ ᠰᠠᠯᠠᠭ᠎ᠠ | ᠮᠥᠴᠢᠷ ᠥᠨᠳᠥᠷ ᠪᠦᠲᠦᠮᠵᠢᠲᠡᠢ ᠬᠠᠮᠵᠢᠯᠴᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠢᠯᠵᠠᠷᠠᠯ ᠢ ᠡᠰᠡᠷᠭᠦᠴᠡᠬᠦ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠬᠠᠮᠰᠠᠷ ᠠᠴᠠ ᠪᠠᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠠᠷᠠᠯ ᠢ ᠵᠠᠯᠬᠠᠭᠠᠨ ᠰᠢᠢᠳᠬᠡᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠬᠤ | ᠬᠡᠷᠡᠭᠲᠡᠢ᠃ ᠮᠥᠨ ᠬᠦ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠭ᠎ᠠ ᠪᠠᠶᠢᠳᠠᠯ ᠤᠨ ᠡᠮᠦᠨ᠎ᠡ᠂ ᠢᠯᠵᠠᠷᠠᠯ ᠢ | ᠡᠰᠡᠷᠭᠦᠴᠡᠬᠦ ᠳᠤ ᠶᠠᠭᠠᠬᠢᠭᠰᠠᠨ ᠴᠤ ᠪᠤᠴᠠᠵᠤ ᠪᠤᠯᠬᠤ ᠦᠭᠡᠢ᠂ ᠰᠤᠯᠠᠷᠠᠭᠤᠯᠵᠤ ᠪᠤᠯᠬᠤ ᠦᠭᠡᠢ᠂ ᠡᠨᠡᠷᠢᠩᠭᠦᠢ ᠵᠥᠭᠡᠯᠡᠨ | ᠪᠠᠶᠢᠵᠤ ᠪᠤᠯᠬᠤ ᠦᠭᠡᠢ᠂ ᠡᠷᠬᠡᠪᠰᠢ ᠳᠠᠭᠠᠷᠢᠯᠲᠠ ᠶᠢᠨ ᠪᠦᠷᠢᠶ᠎ᠡ ᠶᠢ ᠦᠷᠭᠦᠯᠵᠢᠳᠡ ᠳᠤᠤᠭᠠᠷᠭᠠᠬᠤ ᠬᠡᠷᠡᠭᠲᠡᠢ᠃ ︽ᠳᠣᠯᠣᠭᠠᠨ | ᠪᠠᠶᠢᠬᠤ︾ ᠠᠰᠠᠭᠤᠳᠠᠯ ᠢ ᠦᠷᠭᠦᠯᠵᠢᠯᠡᠨ ᠠᠩᠬᠠᠷᠴᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠦᠯᠪᠡᠭᠡᠯᠡᠭᠰᠡᠨ | ᠢᠯᠵᠠᠷᠠᠯ ᠢ ᠴᠢᠩᠭ᠎ᠠ ᠰᠢᠢᠳᠬᠡᠬᠦ ᠶᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠤᠯᠭᠠᠵᠤ᠂ ᠡᠷᠬᠡ ᠪᠠᠷ ᠲᠦᠰᠢᠭ ᠪᠤᠯᠭᠠᠬᠰᠠᠨ ᠬᠥᠷᠥᠩᠭᠡ ᠠᠰᠢᠭ ᠬᠥᠭᠡᠭᠡᠴᠡᠯᠳᠦᠬᠦ ᠠᠵᠢᠯᠯᠠᠭ᠎ᠠ ᠳᠤ ᠡᠷᠡᠰ | ᠴᠣᠬᠢᠯᠲᠠ ᠥᠭᠴᠦ᠂ ᠡᠯ᠎ᠡ ᠵᠦᠢᠯ ᠤᠨ ᠠᠰᠢᠭ ᠲᠤᠰᠠ ᠶᠢᠨ ᠪᠦᠯᠦᠭᠯᠡᠯ᠂ ᠡᠷᠬᠡ ᠰᠦᠷᠲᠦ ᠪᠦᠯᠭᠦᠮ ᠤᠨ ᠤᠯᠤᠰ | ᠲᠥᠷᠦ ᠶᠢᠨ ᠬᠦᠷᠢᠶᠡᠨ ᠳᠤ ᠨᠡᠪᠴᠢᠬᠦ ᠶᠢ ᠲᠠᠰᠤ ᠰᠡᠷᠭᠡᠶᠢᠯᠡᠬᠦ ᠬᠡᠷᠡᠭᠲᠡᠢ᠃ ᠮᠥᠩᠭᠦᠨ ᠭᠦᠢᠯᠭᠡᠭᠡᠨ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ ᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠢᠨᠵᠧᠨᠧᠷᠢᠩ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠴᠤᠭᠯᠠᠷᠠᠭᠰᠠᠨ | ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ | ᠠᠷᠢᠯᠭᠠᠬᠤ ᠬᠡᠷᠡᠭᠲᠡᠢ᠃ ︽ᠵᠢᠵᠢᠭ ᠢᠶᠠᠷ ᠱᠠᠮᠰᠢᠵᠤ ᠪᠠᠭ᠎ᠠ ᠪᠠᠷ ᠢᠯᠵᠠᠷᠠᠬᠤ︾ ᠶᠢ ᠵᠠᠯᠬᠠᠭᠠᠨ ᠰᠢᠢᠳᠬᠡᠵᠦ᠂ ᠤᠯᠠᠨ | ᠲᠦᠮᠡᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠯᠵᠠᠷᠠᠯ ᠤᠨ ᠪᠤᠢ ᠪᠣᠯᠵᠤ ᠦᠷᠪᠢᠰᠦᠨ ᠳᠡᠯᠭᠡᠷᠡᠬᠦ ᠶᠢ | ᠲᠠᠰᠤᠯᠬᠤ ᠬᠡᠷᠡᠭᠲᠡᠢ᠃ ᠢᠯᠵᠠᠷᠠᠯ ᠤᠨ ᠮᠥᠨ ᠴᠢᠨᠠᠷ ᠨᠢ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠠᠪᠤᠳᠠᠯ ᠪᠣᠯᠣᠨ᠎ᠠ᠃ | ᠲᠥᠷᠥ ᠶᠢᠨ ᠪᠣᠳᠣᠯᠭ᠎ᠠ ᠲᠣᠭᠲᠠᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ | ᠵᠡᠷᠭᠡ ᠵᠠᠩᠭᠢᠯᠠᠭ᠎ᠠ ᠶᠢᠨ ᠡᠷᠬᠡ ᠶᠢ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ | ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠤ | ᠵᠠᠰᠠᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠡᠷᠬᠡ ᠶᠢᠨ ᠲᠣᠬᠢᠷᠠᠭᠤᠯᠤᠯᠲᠠ ᠪᠣᠯᠣᠨ ᠠᠵᠢᠯᠯᠠᠭᠠᠨ ᠤ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠳᠦᠷᠢᠮ ᠤᠨ ᠳᠤᠲᠠᠭᠤᠳᠠᠯ ᠢ ᠴᠢᠨᠠᠭᠰᠢᠳᠠ ᠨᠥᠬᠦᠪᠦᠷᠢᠯᠡᠵᠦ᠂ | ᠴᠢᠯᠦᠭᠡᠲᠡᠢ ᠪᠠᠷ ᠲᠠᠰᠤᠯᠤᠨ ᠲᠣᠭᠲᠠᠭᠠᠬᠤ ᠡᠷᠬᠡ ᠶᠢ ᠵᠢᠷᠤᠮᠵᠢᠭᠤᠯᠵᠤ᠂ ᠡᠷᠬᠡ ᠳᠤ ᠲᠦᠰᠢᠭᠯᠡᠵᠦ ᠠᠰᠢᠭ ᠣᠯᠵᠠᠪᠤᠷᠢ ᠣᠯᠬᠤ | ᠠᠵᠠ ᠲᠣᠭᠢᠶᠠᠯ ᠢ ᠪᠠᠭᠠᠰᠬᠠᠬᠤ ᠬᠡᠷᠡᠭᠲᠡᠢ᠃ ᠢᠯᠵᠠᠷᠠᠯ ᠢ ᠤᠷᠢᠳᠴᠢᠯᠠᠨ ᠰᠡᠷᠡᠮᠵᠢᠯᠡᠭᠦᠯᠵᠦ ᠵᠠᠯᠬᠠᠭᠠᠨ ᠰᠢᠢᠳᠬᠡᠬᠦ | ᠬᠤᠯᠪᠣᠯᠳᠤᠭᠰᠠᠨ ᠲᠣᠭᠲᠠᠴᠠ ᠶᠢ ᠪᠠᠶᠢᠭᠤᠯᠵᠤ᠂ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠤᠨ | ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠰᠢᠨ᠎ᠡ ᠭᠡᠯᠪᠡᠷᠢ ᠶᠢᠨ ᠢᠯᠵᠠᠷᠠᠯ ᠪᠠ ᠲᠠᠯᠳᠠ ᠢᠯᠵᠠᠷᠠᠯ ᠢ ᠲᠦᠷᠭᠡᠨ | ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠬᠠᠤᠯᠢ ᠲᠣᠭᠲᠠᠭᠠᠯ ᠳᠦᠷᠢᠮ ᠢ ᠴᠢᠨᠠᠭᠰᠢᠳᠠ ᠪᠦᠷᠢᠨᠰᠢᠭᠦᠯᠬᠦ ᠬᠡᠷᠡᠭᠲᠡᠢ᠃ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠵᠡᠷᠭᠡ ᠰᠠᠭᠤᠷᠢᠯᠠᠬᠤ | ᠴᠢᠨᠠᠷᠲᠠᠢ ᠬᠠᠤᠯᠢ ᠲᠣᠭᠲᠠᠭᠠᠯ ᠳᠦᠷᠢᠮ ᠢ ᠨᠢᠭᠡ ᠴᠣᠭᠴᠠᠵᠢᠭᠤᠯᠤᠨ ᠠᠬᠢᠭᠤᠯᠬᠤ ᠲᠠᠢ ᠤᠶᠠᠯᠳᠤᠭᠤᠯᠤᠨ᠂ ︽ᠨᠢᠭᠡᠳᠦᠭᠡᠷ | ᠬᠠᠷᠢᠭᠤᠴᠠᠯᠭᠠᠲᠠᠨ︾ ᠪᠠ ᠤᠳᠤᠷᠢᠳᠬᠤ ᠪᠠᠭ ᠤᠨ ᠬᠢᠨᠠᠯᠲᠠ ᠶᠢ ᠴᠢᠩᠭᠠᠳᠬᠠᠬᠤ ᠢᠵᠢ ᠪᠦᠷᠢᠳᠦᠭᠦᠯᠦᠭᠰᠡᠨ ᠳᠦᠷᠢᠮ ᠢ | ᠪᠦᠷᠢᠨᠰᠢᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠤᠬᠠᠢ ᠤᠯᠤᠰ ᠠᠴᠠ ᠬᠠᠤᠯᠢ ᠲᠣᠭᠲᠠᠭᠠᠬᠤ ᠶᠢ ᠦᠷᠭᠦᠯᠵᠢᠯᠡᠨ | ᠠᠬᠢᠭᠤᠯᠵᠤ᠂ ᠬᠢᠨᠠᠨ ᠪᠠᠶᠢᠴᠠᠭᠠᠬᠤ ᠬᠠᠤᠯᠢ ᠳᠤ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠵᠠᠰᠠᠪᠤᠷᠢ ᠣᠷᠣᠭᠤᠯᠵᠤ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠢ ᠰᠤᠷᠤᠯᠴᠠᠨ | ᠲᠤᠭᠤᠰᠢᠯᠠᠭᠤᠯᠬᠤ ᠪᠠᠷ ᠲᠣᠭᠢᠶᠠᠯ ᠪᠤᠯᠭᠠᠵᠤ᠂ ᠪᠦᠭᠦ ᠨᠠᠮ ᠳᠤ ᠨᠢᠭᠡ ᠤᠳᠠᠭᠠᠨ ᠤ ᠲᠥᠪᠯᠡᠷᠡᠩᠭᠦᠢ ᠴᠢᠨᠠᠷᠲᠠᠢ ᠰᠠᠬᠢᠯᠭ᠎ᠠ | ᠪᠠᠲᠤ ᠶᠢᠨ ᠬᠥᠮᠦᠵᠢᠯ ᠢ ᠥᠷᠨᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠠᠤᠯᠢ ᠲᠣᠭᠲᠠᠭᠠᠯ ᠳᠦᠷᠢᠮ ᠢ ᠬᠡᠷᠡᠭᠵᠢᠭᠦᠯᠦᠭᠰᠡᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠨᠢᠭᠡ ᠴᠣᠭᠴᠠᠵᠢᠭᠤᠯᠤᠨ ᠵᠢᠷᠤᠮᠯᠠᠵᠤ᠂ ᠨᠢᠭᠡ | ᠴᠣᠭᠴᠠᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠡᠭᠡᠯᠢ ᠲᠦᠯᠬᠢᠬᠦ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ᠳᠠᠩᠳᠠ ᠺᠠᠳ᠋ᠷ ᠢ ᠲᠠᠲᠠᠵᠤ ᠠᠯᠳᠠᠭ᠎ᠠ ᠭᠠᠷᠭᠠᠯᠭᠠᠳᠠᠭ᠂ ᠪᠤᠰᠤᠳ ᠢ ᠬᠤᠣᠷᠯᠠᠳᠠᠭ ᠲᠡᠳᠡᠭᠡᠷ ᠬᠡᠭᠡᠯᠢ ᠲᠦᠯᠬᠢᠳᠡᠭ ᠬᠥᠮᠥᠰ ᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠬᠥᠮᠥᠰ ᠤᠨ ᠠᠳᠡᠭᠦᠦ | ᠲᠠᠨᠢᠯᠲᠠ ᠶᠢ ᠵᠠᠯᠠᠷᠠᠭᠤᠯᠵᠤ᠂ ᠵᠠᠯᠬᠠᠭᠠᠬᠤ ᠪᠠᠷ ᠳᠠᠮᠵᠢᠵᠤ ᠴᠡᠭᠡᠷᠯᠡᠯ ᠦᠵᠡᠭᠦᠯᠭᠦ ᠬᠡᠷᠡᠭᠲᠡᠢ᠃ ᠬᠡᠭᠡᠯᠢ ᠲᠦᠯᠬᠢᠭᠡᠳ | ᠣᠯᠣᠭᠰᠠᠨ ᠵᠦᠢ ᠪᠤᠰᠤ ᠠᠰᠢᠭ ᠲᠤᠰᠠ ᠶᠢ ᠨᠡᠬᠡᠮᠵᠢᠯᠡᠨ ᠲᠤᠰᠢᠶᠠᠯᠭᠠᠬᠤ ᠪᠠ ᠵᠠᠯᠠᠷᠠᠭᠤᠯᠬᠤ ᠡᠷᠴᠢᠮ ᠢᠶᠠᠨ ᠴᠢᠩᠭᠠᠷᠠᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠥᠬᠦᠷᠡᠰᠢ ᠦᠭᠡᠢ ᠪᠠᠷᠢᠮᠲᠠᠯᠠᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠬᠡᠷᠡᠭᠲᠡᠢ᠃ | ᠮᠠᠭᠤ ᠶᠢ ᠨᠢ ᠮᠠᠭᠤᠰᠢᠶᠠᠬᠤ ᠪᠠ ᠰᠠᠶᠢᠨ ᠢ ᠨᠢ ᠰᠠᠶᠢᠰᠢᠶᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠯᠤᠰ | ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠤᠯᠭᠠᠵᠤ᠂ ︽ᠲᠠᠯᠳᠠ ᠳᠦᠷᠢᠮ ᠭᠤᠷᠢᠮ︾ ᠢ ᠡᠪᠳᠡᠨ᠂ ︽ᠢᠯᠡ | ᠶᠣᠰᠣ ᠳᠦᠷᠢᠮ︾ ᠢ ᠲᠣᠭᠲᠠᠭᠠᠵᠤ᠂ ︽ᠵᠢᠵᠢᠭ ᠪᠦᠯᠭᠦᠮ︾᠂ ︽ᠡᠷᠬᠡ ᠰᠦᠷᠳᠡᠨ ᠢ ᠳᠣᠲᠣᠨᠣᠴᠢᠯᠠᠬᠤ︾᠂ ︽ᠬᠥᠭᠦᠷᠭᠡ | ᠬᠤᠯᠪᠣᠭᠠᠰᠤ ᠪᠤᠯᠬᠤ︾ ᠶᠢ ᠡᠷᠡᠰ ᠰᠡᠷᠭᠡᠶᠢᠯᠡᠵᠦ᠂ ᠡᠯ᠎ᠡ ᠵᠦᠢᠯ ᠤᠨ ᠤᠯᠤᠰ ᠲᠦᠷᠦ ᠶᠢᠨ ᠮᠡᠬᠡᠯᠡᠭᠴᠢ ᠳᠤ ᠬᠦᠴᠦᠲᠡᠢ | ᠴᠣᠬᠢᠯᠲᠠ ᠥᠭᠴᠦ᠂ ᠲᠠᠸᠠᠷ ᠤᠨ ᠰᠣᠯᠢᠯᠴᠠᠭᠠᠨ ᠤ ᠵᠠᠷᠴᠢᠮ ᠢ ᠨᠠᠮ ᠤᠨ ᠳᠣᠲᠣᠭᠠᠳᠤ ᠳᠤ ᠠᠪᠴᠢᠷᠠᠬᠤ ᠶᠢ ᠴᠢᠩᠭ᠎ᠠ | ᠰᠡᠷᠭᠡᠶᠢᠯᠡᠬᠦ ᠬᠡᠷᠡᠭᠲᠡᠢ᠃ ᠬᠥᠮᠥᠨ ᠰᠣᠩᠭᠤᠵᠤ ᠬᠥᠮᠥᠨ ᠬᠡᠷᠡᠭᠯᠡᠬᠦ ᠲᠠᠯ᠎ᠠ ᠪᠠᠷ ᠬᠢ ᠲᠥᠪ ᠪᠤᠰᠤ ᠰᠤᠷᠲᠠᠯ ᠢ ᠴᠥᠬᠦᠷᠡᠰᠢ | ᠦᠭᠡᠢ ᠴᠡᠭᠴᠡᠯᠡᠨ ᠵᠠᠰᠠᠵᠤ᠂ ᠨᠥᠬᠦᠳ ᠤᠨ ᠬᠤᠭᠤᠷᠤᠨᠳᠤᠭᠢ ᠠᠷᠢᠭᠤᠨ ᠴᠢᠬᠡᠴᠢ ᠬᠠᠷᠢᠴᠠᠭ᠎ᠠ᠂ ᠳᠡᠭᠡᠷ᠎ᠡ ᠳᠣᠣᠷ᠎ᠠ | ᠱᠠᠲᠤᠨ ᠤ ᠶᠣᠰᠣ ᠳᠦᠷᠢᠮ ᠲᠠᠢ ᠬᠠᠷᠢᠴᠠᠭ᠎ᠠ ᠪᠦᠷᠢᠯᠳᠦᠬᠦ ᠶᠢ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢᠨ | ᠠᠭᠤᠯᠠ ᠤᠰᠤ ᠴᠡᠪᠡᠷ ᠲᠤᠩᠭᠠᠯᠠᠭ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ | ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ᠂ ᠡᠪ ᠬᠠᠮᠲᠤ ᠨᠠᠮ ᠤᠨ ᠭᠡᠰᠢᠭᠦᠨ ᠤ | ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠬᠥᠭᠵᠢᠭᠡᠵᠦ᠂ ᠡᠷᠬᠡ ᠪᠠᠨ ᠠᠰᠢᠭᠯᠠᠨ ᠠᠮᠢ ᠪᠠᠨ ᠪᠣᠷᠳᠣᠬᠤ᠂ ᠱᠠᠮᠰᠢᠵᠤ | ᠢᠯᠵᠠᠷᠠᠨ ᠳᠣᠷᠦ᠋ᠢᠲᠠᠬᠤ ᠶᠢ ᠲᠦᠢᠯ ᠤᠨ ᠶᠡᠭᠡ ᠢᠴᠢᠭᠦᠷᠢ ᠭᠤᠲᠤᠮᠰᠢᠭ ᠢᠶᠠᠷ ᠦᠵᠡᠬᠦ ᠬᠡᠷᠡᠭᠲᠡᠢ᠃ ᠭᠡᠷ ᠪᠦᠯᠢ ᠶᠢᠨ | ᠬᠥᠮᠦᠵᠢᠯ ᠭᠡᠷ ᠤᠨ ᠰᠤᠷᠲᠠᠯ ᠢ ᠴᠢᠬᠤᠯᠠᠴᠢᠯᠠᠵᠤ᠂ ᠤᠳᠤᠷᠢᠳᠬᠤ ᠺᠠᠳ᠋ᠷ ᠢ ᠱᠠᠯᠠᠪᠳᠠᠭᠤᠯᠤᠨ ᠲᠦᠷᠦᠯ ᠰᠠᠳᠤᠨ ᠦᠷ᠎ᠡ | ᠬᠡᠦᠬᠡᠳ ᠢᠶᠠᠨ ᠴᠢᠩᠭ᠎ᠠ ᠬᠠᠮᠢᠶᠠᠷᠤᠭᠤᠯᠬᠤ ᠬᠡᠷᠡᠭᠲᠡᠢ᠃ ᠠᠷᠢᠭᠤᠨ ᠴᠢᠬᠡᠴᠢ ᠶᠢᠨ ᠣᠶᠢᠯᠠᠭᠠᠭᠳᠠᠬᠤᠨ᠂ ᠠᠷᠢᠭᠤᠨ | ᠴᠢᠬᠡᠴᠢ ᠶᠢᠨ ᠨᠡᠶᠢᠲᠡᠯᠢᠭ ᠵᠢᠱᠢᠶ᠎ᠡ ᠶᠢ ᠢᠳᠡᠪᠬᠢᠲᠡᠢ ᠤᠬᠠᠭᠤᠯᠵᠤ᠂ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ | ᠡᠰᠡᠷᠭᠦᠴᠡᠬᠦ ᠰᠠᠶᠢᠨ ᠰᠠᠶᠢᠬᠠᠨ ᠬᠡᠪ ᠰᠤᠷᠲᠠᠯ ᠢ ᠪᠤᠶ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ | ᠬᠤᠪᠢᠰᠬᠠᠯ ᠢ ᠠᠬᠢᠭᠤᠯᠬᠤ ᠴᠢᠬᠤᠯᠠ ᠬᠦᠴᠦᠨ ᠮᠥᠨ᠂ ᠣᠨᠴᠠᠭᠠᠢ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ ᠢᠷᠠᠭᠤ | ᠠᠯᠳᠠᠷᠲᠤ ᠡᠭᠦᠷᠭᠡ ᠶᠢ ᠡᠭᠦᠷᠭᠡᠯᠡᠵᠦ ᠪᠠᠶᠢᠨ᠎ᠠ᠂ ᠡᠷᠬᠡᠪᠰᠢ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ | ᠨᠠᠶᠢᠳᠠᠪᠤᠷᠢᠲᠠᠢ᠂ ᠬᠠᠷᠢᠴᠠᠯᠠᠰᠢᠭᠦᠢ ᠴᠡᠪᠡᠷ ᠠᠷᠢᠭᠤᠨ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠬᠥᠮᠦᠵᠢᠯ | ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠥᠷᠥ ᠶᠢᠨ ᠦᠨᠡᠨᠴᠢ ᠰᠢᠳᠤᠷᠭᠤ | ᠪᠠᠶᠢᠬᠤ ᠶᠢ ᠴᠢᠨᠠᠭᠰᠢᠳᠠ ᠪᠠᠬᠢᠵᠢᠭᠦᠯᠵᠦ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠤᠨ ᠲᠥᠪ | ᠬᠤᠷᠢᠶ᠎ᠠ ᠲᠠᠢ ᠨᠢᠭᠡ ᠰᠡᠳᠬᠢᠯ ᠨᠢᠭᠡ ᠵᠣᠷᠢᠭ ᠲᠠᠢ ᠪᠠᠶᠢᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ | ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠨᠠᠮ ᠤᠨ ᠵᠢᠯᠣᠭᠤᠳᠤᠯᠭ᠎ᠠ ᠶᠢ | ᠳᠠᠭᠠᠬᠤ᠂ ᠨᠠᠮ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ | ᠬᠡᠷᠡᠭᠲᠡᠢ᠃ ᠵᠠᠷᠴᠢᠮ ᠢ ᠪᠠᠷᠢᠮᠲᠠᠯᠠᠨ᠂ ᠠᠰᠠᠭᠤᠳᠠᠯ ᠢ ᠰᠢᠭᠤᠳ ᠵᠣᠷᠢᠭᠲᠠᠢ ᠭᠦᠨᠳᠡᠵᠤ᠂ ᠵᠣᠷᠢᠭᠲᠠᠢ ᠲᠡᠮᠡᠴᠡᠵᠦ ᠴᠢᠳᠠᠮᠠᠭᠠᠢ | ᠲᠡᠮᠡᠴᠡᠨ᠂ ᠬᠠᠷᠢᠭᠤᠴᠠᠯᠭ᠎ᠠ ᠡᠭᠦᠷᠭᠡᠯᠡᠨ ᠡᠭᠦᠷᠭᠡ ᠪᠠᠨ ᠭᠦᠢᠴᠡᠳᠬᠡᠵᠦ᠂ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ | ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠭᠦᠳᠡ ᠶᠢ ᠲᠦᠢᠳᠦᠭᠴᠢ ᠶᠢ ᠠᠷᠢᠯᠭᠠᠬᠤ ᠶᠢ ᠪᠠᠶᠢᠩᠭᠤᠵᠢᠭᠤᠯᠵᠤ᠂ ︽ | ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠳᠠᠯ ᠢ ᠡᠷᠡᠰ ᠰᠡᠷᠭᠡᠶᠢᠯᠡᠨ ᠵᠠᠰᠠᠵᠤ᠂ ᠥᠪᠡᠷ ᠪᠡᠶ᠎ᠡ ᠶᠢᠨ | ᠬᠤᠪᠢᠰᠬᠠᠯ ᠤᠨ ᠦᠯᠢᠭᠡᠷ ᠳᠠᠭᠤᠷᠢᠶᠠᠯ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ | ᠪᠤᠯᠬᠤ ᠪᠠᠷ ᠴᠢᠷᠮᠠᠶᠢᠵᠤ᠂ ᠨᠠᠮ ᠤᠨ ᠲᠥᠪ ᠬᠤᠷᠢᠶ᠎ᠠ ᠳᠠᠭᠠᠨ ᠢᠲᠡᠭᠡᠯ ᠲᠠᠢ᠂ ᠠᠷᠠᠳ ᠲᠦᠮᠡᠨ ᠳᠡᠭᠡᠨ ᠬᠦᠷᠢᠶᠡᠯᠡᠯ ᠲᠠᠢ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠭᠦᠨ ᠢ ᠢᠯᠠᠭᠴᠢ ᠴᠡᠷᠢᠭ ᠠᠩᠭᠢ ᠶᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠰᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠶᠢ ᠳ᠋ᠦᠩᠨᠡᠵᠦ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ ᠤ ᠨᠠᠮ ᠤᠨ ᠶᠠᠭᠤᠨ ᠳᠤ | ᠥᠪᠡᠷ ᠪᠡᠶ᠎ᠡ ᠶᠢᠨ ᠬᠤᠪᠢᠰᠬᠠᠯ ᠬᠢᠬᠦ᠂ ᠶᠠᠭᠠᠬᠢᠭᠠᠳ ᠥᠪᠡᠷ ᠪᠡᠶ᠎ᠡ ᠶᠢᠨ ᠬᠤᠪᠢᠰᠬᠠᠯ ᠢ ᠬᠢᠵᠦ ᠳᠡᠶᠢᠯᠭᠦ᠂ ᠥᠪᠡᠷ ᠪᠡᠶ᠎ᠡ ᠶᠢᠨ | ᠬᠤᠪᠢᠰᠬᠠᠯ ᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ | ᠥᠭᠴᠦ᠂ ︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠦᠷᠭᠦᠯᠵᠢᠯᠡᠨ ᠬᠦᠴᠦᠯᠡᠵᠦ᠂ | ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ | ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ | ᠠᠭᠤᠯᠤᠭᠳᠠᠬᠤᠨ ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠠᠬᠢᠭᠤᠯᠬᠤ ᠦᠨᠳᠦᠰᠦᠨ ᠵᠢᠷᠤᠮᠯᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠥᠪᠡᠷ | ᠪᠡᠶ᠎ᠡ ᠶᠢᠨ ᠬᠤᠪᠢᠰᠬᠠᠯ ᠢ ᠭᠦᠨᠵᠡᠭᠡᠶᠢᠷᠡᠭᠦᠯᠦᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ | ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠭᠢ ᠶᠢᠨ | ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ | ᠤᠲᠠᠰᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠭᠢ ᠶᠢᠨ | ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ 1 ᠰᠠᠷ᠎ᠠ ᠶᠢᠨ 8 ᠤ ᠡᠳᠦᠷ ᠪᠡᠭᠡᠵᠢᠩ ᠳᠤ ᠡᠬᠢᠯᠡᠪᠡ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ 8 ᠤ | ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠡᠮᠦᠨ᠎ᠡ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠶ᠎ᠠ︾ ᠭᠡᠬᠦ ᠰᠡᠳᠦᠪ ᠢᠶᠠᠷ | ᠠᠵᠢᠯ ᠤᠨ ᠮᠡᠳᠡᠭᠦᠯᠦᠯᠲᠡ ᠬᠢᠪᠡ᠃ | |