ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠤᠶᠤᠯ ᠤᠨ ᠥᠪ ᠤᠨ ᠦᠢᠯᠡᠳᠬᠡᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ  ᠪᠣᠳᠠᠰ ᠤᠨ ᠪᠤᠰᠤ ᠰᠤᠶᠤᠯ ᠤᠨ ᠥᠪ ᠢ ᠤᠯᠠᠮᠵᠢᠯᠠᠭᠴᠢ ᠶᠢᠨ ᠰᠤᠳᠤᠯᠤᠨ ᠰᠤᠷᠤᠯᠴᠠᠬᠤ ᠪᠤᠯᠪᠠᠰᠤᠷᠠᠯ ᠤᠨ ᠲᠥᠯᠥᠪᠯᠡᠭᠡ ᠶᠢ ᠬᠡᠷᠡᠭᠵᠢᠭᠦᠯᠦᠭᠰᠡᠨ ᠦᠷ᠎ᠡ ᠪᠦᠲᠦᠭᠡᠯ ᠤᠨ ᠦᠵᠡᠭᠦᠯᠭᠡ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠬᠢᠯᠡᠪᠡ
ᠨᠡᠶᠢᠲᠡᠯᠡᠭᠰᠡᠨ ᠴᠠᠭ᠄
2024/1/6
    12 ᠳ᠋ᠤᠭᠠᠷ ᠰᠠᠷ᠎ᠠ ᠶᠢᠨ 29 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠤᠶᠤᠯ ᠤᠨ ᠥᠪ ᠤᠨ ᠦᠢᠯᠡᠳᠬᠡᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ  ᠪᠣᠳᠠᠰ ᠤᠨ ᠪᠤᠰᠤ ᠰᠤᠶᠤᠯ ᠤᠨ ᠥᠪ  ᠢ  ᠤᠯᠠᠮᠵᠢᠯᠠᠭᠴᠢ ᠶᠢᠨ ᠰᠤᠳᠤᠯᠤᠨ ᠰᠤᠷᠤᠯᠴᠠᠬᠤ ᠪᠤᠯᠪᠠᠰᠤᠷᠠᠯ ᠤᠨ ᠲᠥᠯᠥᠪᠯᠡᠭᠡ ᠶᠢ ᠬᠡᠷᠡᠭᠵᠢᠭᠦᠯᠦᠭᠰᠡᠨ ᠦᠷ᠎ᠡ ᠪᠦᠲᠦᠭᠡᠯ ᠤᠨ ᠦᠵᠡᠭᠦᠯᠭᠡ︾ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠶᠠᠪᠤᠭᠳᠠᠪᠠ᠃ ᠡᠨᠡ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠵᠢᠨ‌ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ  ᠤᠨ ᠲᠦᠷᠦᠯ ᠲᠡᠮᠳᠡᠭ  ᠢ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠠᠭᠤᠰᠤᠯᠴᠠᠬᠤ᠂ ᠤᠳᠤ ᠦᠶ᠎ᠡ ᠶᠢᠨ ᠠᠮᠢᠳᠤᠷᠠᠯ ᠳᠤ ᠠᠭᠤᠰᠤᠯᠴᠠᠬᠤ ᠶᠢ ᠠᠬᠢᠭᠤᠯᠵᠤ ᠂ ᠪᠣᠳᠠᠰ ᠤᠨ ᠪᠤᠰᠤ ᠰᠣᠶᠣᠯ ᠤᠨ ᠥᠪ ᠤᠨ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠠᠷ ᠵᠤᠷᠢᠯᠭ᠎ᠠ ᠪᠠᠨ ᠪᠤᠯᠭᠠᠭᠰᠠᠨ ᠶᠤᠮ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠢᠦᠢ ᡁᠢ ᠭᠦᠸᠧ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠰᠤᠷᠭᠠᠭᠤᠯᠢ ᠶᠢᠨ ᠳᠡᠳ᠋ ᠵᠠᠬᠢᠷᠤᠯ ᠬᠠᠨ ᠸᠧᠢ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠰᠤᠷᠭᠠᠭᠤᠯᠢ ᠶᠢᠨ ᠳᠡᠳ᠋ ᠵᠠᠬᠢᠷᠤᠯ ᠪᠦᠷᠢᠨᠵᠢᠷᠭᠠᠯ᠂ ᠬᠥᠯᠥᠨ ᠪᠤᠶᠢᠷ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠰᠤᠷᠭᠠᠭᠤᠯᠢ ᠶᠢᠨ ᠳᠡᠳ᠋ ᠵᠠᠬᠢᠷᠤᠯ ᠤᠳᠬᠤᠨ ᠵᠡᠷᠭᠡ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠦᠵᠡᠭᠦᠯᠭᠡ ᠨᠢ ︽ᠤᠮᠠᠷᠠᠲᠤ ᠬᠢᠯᠢ ᠶᠢᠨ ᠰᠣᠶᠣᠯ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠪᠠᠷ ᠭᠤᠣᠯ ᠰᠡᠳᠦᠪ ᠪᠣᠯᠭᠠᠵᠤ᠂ ᠲᠤᠤᠷᠠᠬᠢ ᠮᠡᠲᠦ ᠭᠤᠷᠪᠠᠨ ᠬᠡᠰᠡᠭ ᠪᠠᠭᠲᠠᠨ᠎ᠠ᠄ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ ︱ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠯᠲᠠ ᠶᠢᠨ ᠦᠢᠯᠡᠳᠬᠡᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ︱ ᠥᠪᠡᠷᠲᠡᠭᠡᠨ ᠵᠠᠰᠠᠬᠤ ᠣᠷᠣᠨ ᠤ ᠪᠤᠲᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠶᠢᠨ ᠰᠤᠳᠤᠯᠤᠨ ᠰᠤᠷᠤᠯᠴᠠᠬᠤ ᠪᠤᠯᠪᠠᠰᠤᠷᠠᠯ ᠤᠨ ᠲᠥᠯᠥᠪᠯᠡᠭᠡ ᠶᠢ ᠬᠡᠷᠡᠭᠵᠢᠭᠦᠯᠦᠭᠰᠡᠨ ᠦᠷ᠎ᠡ ᠪᠦᠲᠦᠭᠡᠯ᠂  ᠬᠠᠷᠢᠯᠴᠠᠭ᠎ᠠ ᠰᠤᠯᠢᠯᠴᠠᠭ᠎ᠠ ᠪᠠᠨ ᠠᠬᠢᠭᠤᠯᠤᠨ᠎ᠠ ︱ ᠣᠷᠣᠨ ᠤ ᠭᠠᠳᠠᠨᠠᠬᠢ ᠪᠣᠳᠠᠰ ᠤᠨ ᠪᠤᠰᠤ ᠰᠣᠶᠣᠯ ᠤᠨ ᠥᠪ ᠤᠨ ᠰᠢᠯᠢᠳᠡᠭ ᠦᠢᠯᠡᠳᠬᠡᠯ ᠤᠨ ᠭᠠᠵᠠᠷ ᠵᠢᠴᠢ ᠳᠤᠮᠳᠠᠳᠤ ᠤᠯᠤᠰ ᠤᠨ ᠪᠤᠲᠠᠰ ᠤᠨ ᠪᠤᠰᠤ ᠰᠤᠶᠤᠯ ᠤᠨ ᠦᠪ ᠢ ᠤᠯᠠᠮᠵᠢᠯᠠᠭᠴᠢ  ᠶᠢᠨ ᠰᠤᠳᠤᠯᠤᠨ ᠰᠤᠷᠤᠯᠴᠠᠬᠤ  ᠪᠤᠯᠪᠠᠰᠤᠷᠠᠯ ᠤᠨ ᠲᠥᠯᠥᠪᠯᠡᠭᠡ ᠶᠢ ᠶᠡᠭᠡ ᠳᠡᠭᠡᠳᠦ ᠰᠤᠷᠭᠠᠭᠤᠯᠢ ᠶᠢᠨ ᠦᠷ᠎ᠡ ᠪᠦᠲᠦᠭᠡᠯ ᠤᠨ ᠰᠣᠯᠢᠯᠴᠠᠭ᠎ᠠ ᠳᠤ ᠣᠷᠣᠯᠴᠠᠭᠤᠯᠤᠨ᠎ᠠ᠃      ᠦᠵᠡᠭᠦᠯᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ ︵ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠶᠡᠷᠦᠩᠬᠡᠢ ᠥᠷᠲᠡᠭᠡ︶   ᠠᠴᠠ ᠲᠠᠭᠠᠭᠠᠴᠢᠯᠠᠨ ᠡᠷᠭᠢᠯᠡᠵᠦ᠂ ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠪᠤᠲᠠᠰ  ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ  ᠶᠢᠨ ᠰᠤᠳᠤᠯᠤᠨ ᠰᠤᠷᠤᠯᠴᠠᠬᠤ ᠪᠤᠯᠪᠠᠰᠤᠷᠠᠯ ᠤᠨ ᠲᠥᠯᠥᠪᠯᠡᠭᠡ ᠶᠢ ᠳᠡᠭᠡᠳᠦ ᠰᠤᠷᠭᠠᠭᠤᠯᠢ ᠶᠢᠨ ᠬᠠᠮᠵᠢᠯᠴᠠᠨ ᠡᠷᠬᠢᠯᠡᠪᠡ᠃
 
ᠢᠷᠡᠯᠲᠡ᠄ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map