ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠵᠢᠭᠡᠯᠡᠯᠭᠡ ᠨᠡᠮᠡᠵᠦ ᠲᠠᠷᠬᠠᠭᠠᠬᠤ ᠲᠦᠰᠦᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ ᠳᠠᠶᠢᠴᠢᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/2/20
   2 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠢ ᠣᠶ ᠰᠢᠭᠤᠢ ᠤᠰᠤᠨ ᠤ ᠬᠦᠷᠢᠶᠡᠨ ᠳᠠᠬᠢ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠦᠰᠦᠯ ᠢ ᠪᠠᠶᠢᠷᠢᠯᠠᠭᠤᠯᠤᠨ ᠠᠬᠢᠭᠤᠯᠬ᠊ ᠸᠢᠳᠢᠣ᠋ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠰᠢᠭᠯᠠᠵᠤ᠂ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠦᠰᠦᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤ ᠪᠠᠶᠢᠷᠢᠯᠠᠭᠤᠯᠵᠤ᠂ ᠲᠥᠯᠥᠪᠯᠡᠭᠡ ᠶᠢᠨ ᠳᠠᠭᠠᠤ ᠠᠵᠢᠯᠯᠠᠨ᠂ ᠠᠵᠢᠯ ᠤᠨ ᠪᠠᠶᠢᠷᠢᠯᠠᠭᠤᠯᠤᠯᠲᠠ ᠲᠦᠷᠭᠡᠨ᠂ ᠡᠮᠦᠨᠡᠬᠢ ᠬᠤᠭᠤᠴᠠᠭᠠᠨ ᠤ ᠠᠵᠢᠯ ᠲᠦᠷᠭᠡᠨ᠂ ᠲᠦᠰᠦᠯ ᠤᠨ ᠪᠦᠲᠦᠭᠡᠨ ᠪᠠᠶᠢᠭᠤᠯᠤᠯᠲᠠ ᠲᠦᠷᠭᠡᠨ᠂ ᠪᠡᠯᠡ ᠮᠥᠩᠭᠦ ᠶᠢᠨ ᠵᠠᠷᠤᠯᠭ᠎ᠠ ᠲᠦᠷᠭᠡᠨ᠂ ᠪᠠᠷᠢᠯᠭ᠎ᠠ ᠶᠢᠨ ᠶᠠᠰᠤ ᠴᠢᠨᠠᠷ ᠥᠨᠳᠥᠷ ᠪᠠᠶᠢᠬᠤ ᠶᠢ ᠪᠡᠶᠡᠯᠡᠭᠦᠯᠵᠦ᠂ ︽ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠵᠦ ᠂ ᠲᠤᠬᠠᠢ ᠶᠢᠨ ᠵᠢᠯ ᠳᠤ ᠪᠠᠨ ᠠᠵᠢᠯ ᠢᠶᠠᠨ ᠳᠠᠭᠤᠰᠬᠠᠬᠤ︾ ᠶᠢ ᠪᠠᠲᠤᠯᠠᠵᠤ᠂ ᠠᠷᠠᠳ ᠤᠨ ᠰᠡᠳᠬᠢᠯ ᠤᠨ ᠢᠨᠵᠧᠨᠧᠷᠢᠩ᠂ ᠴᠢᠨᠠᠷ ᠰᠠᠶᠢᠲᠠᠢ ᠢᠨᠵᠧᠨᠧᠷᠢᠩ᠂ ᠠᠷᠢᠭᠤᠨ ᠴᠢᠬᠡᠴᠢ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map