26.88 ᠳ᠋ᠦᠩᠰᠢᠭᠤᠷ ᠲᠥᠭᠦᠷᠢᠭ︕ 2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠠᠩᠬᠠᠨ ᠤ ᠡᠳᠦᠷ ᠤᠨ ᠪᠥᠬᠦ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠭ᠎ᠠ ᠪᠠᠷᠢᠮᠲᠠ ᠰᠡᠳᠭᠢᠯ ᠪᠠᠶᠠᠰᠬᠠᠨ᠎ᠠ︕
ᠨᠡᠶᠢᠲᠡᠯᠡᠭᠰᠡᠨ ᠴᠠᠭ᠄
2024/2/21
    2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠨᠢᠭᠡᠳᠦᠭᠡᠷ ᠡᠳᠦᠷ᠂ ᠪᠥᠬᠦ ᠣᠷᠣᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 390.97 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 2023 ᠣᠨ ᠤ 5.66 ᠳᠠᠬᠢᠨ ᠪᠣᠯᠵᠤ᠂ 2019 ᠣᠨ ᠤ ᠬᠠᠷᠢᠴᠠᠭᠤᠯᠤᠭᠰᠠᠨ ᠪᠠᠷᠢᠮᠵᠢᠶ᠎ᠠ ᠶᠢᠨ 5.09 ᠳᠠᠬᠢᠨ ᠪᠣᠯᠵᠠᠢ᠃ 26.88 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ 2023 ᠣᠨ ᠤ 7.61 ᠳᠠᠬᠢᠨ ᠪᠠᠶᠢᠵᠤ᠂ 2019 ᠣᠨ ᠤ ᠬᠠᠷᠢᠴᠠᠭᠤᠯᠵᠤ ᠪᠣᠯᠬᠤ ᠪᠠᠷᠢᠮᠵᠢᠶ᠎ᠠ ᠶᠢᠨ 6.28 ᠳᠠᠬᠢᠨ ᠪᠤᠯᠪᠠ᠃
       ᠨᠢᠭᠡ᠂ ᠪᠥᠬᠦ ᠣᠷᠣᠨ ᠤ ᠵᠢᠭᠤᠯᠴᠢᠯᠠᠭᠴᠢᠳ ᠢ ᠬᠦᠯᠢᠶᠡᠨ ᠠᠪᠤᠭᠰᠠᠨ ᠶᠡᠷᠦᠩᠬᠡᠢ ᠪᠠᠶᠢᠳᠠᠯ    ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ ᠦᠯᠢᠭᠡᠷ ᠠᠪᠴᠤ ᠪᠠᠶᠢᠴᠠᠭᠠᠬᠤ᠂ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠤ ᠲᠤᠭ᠎ᠠ ᠪᠠᠷᠢᠮᠲᠠ ᠶᠢᠨ ᠶᠡᠷᠦᠩᠬᠡᠶᠢᠯᠡᠭᠰᠡᠨ ᠵᠢᠱᠢᠯᠲᠡ ᠶᠢ ᠦᠨᠳᠦᠰᠦᠯᠡᠪᠡᠯ᠂ ᠨᠢᠭᠡᠳᠦᠭᠡᠷ ᠡᠳᠦᠷ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 390.97 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠣᠯ᠂ 2023 ᠣᠨ ᠤ ᠠᠳᠠᠯᠢ ᠬᠤᠭᠤᠴᠠᠭᠠᠨ ᠤ ᠬᠢ ᠠᠴᠠ 465.85% ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ 509.18% ᠪᠣᠯᠵᠠᠢ︔ ᠡᠭᠦᠨ ᠳᠤ ᠭᠠᠭᠴᠠ ᠡᠳᠦᠷ ᠤᠨ ᠠᠶᠠᠯᠠᠯ ᠤᠨ ᠵᠢᠭᠤᠯᠴᠢᠯᠠᠭᠴᠢᠳ ᠢ 237.51 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ 60.75% ᠶᠢ ᠡᠵᠡᠯᠡᠵᠦ᠂ ᠬᠤᠨᠤᠭᠯᠠᠬᠤ ᠵᠢᠭᠤᠯᠴᠢᠯᠠᠭᠴᠢᠳ ᠢ 153.46 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ 39.25% ᠶᠢ ᠡᠵᠡᠯᠡᠪᠡ᠃  ᠨᠢᠭᠡᠳᠦᠭᠡᠷ ᠡᠳᠦᠷ ᠲᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 26.88 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠦᠵᠡᠪᠡᠯ᠂ 2023 ᠣᠨ ᠤ ᠠᠳᠠᠯᠢ ᠬᠤᠭᠤᠴᠠᠭᠠᠨ ᠤ ᠬᠢ ᠠᠴᠠ 660.79% ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ 628.27% ᠪᠣᠯᠵᠠᠢ᠃
      ᠬᠤᠶᠠᠷ᠂ ᠡᠯ᠎ᠡ ᠠᠶᠢᠮᠠᠭ ᠬᠤᠲᠠ ᠶᠢᠨ ᠬᠢᠨ ᠵᠢᠭᠤᠯᠴᠢᠯᠠᠭᠴᠢᠳ ᠢ ᠭᠥᠯᠢᠶᠡᠨ ᠠᠪᠤᠭᠰᠠᠨ ᠪᠠᠶᠢᠳᠠᠯ      ᠴᠠᠭᠠᠨ ᠰᠠᠷ᠎ᠠ ᠶᠢᠨ ᠠᠮᠠᠷᠠᠯᠲᠠ ᠶᠢᠨ ᠨᠢᠭᠡᠳᠦᠭᠡᠷ ᠡᠳᠦᠷ ᠤᠨ ᠭᠥᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ ᠲᠤᠭ᠎ᠠ ᠶᠢᠨ ᠡᠮᠦᠨ᠎ᠡ ᠳᠥᠷᠪᠡᠳᠦᠭᠡᠷ ᠲᠤ ᠵᠢᠭᠰᠠᠭᠠᠭᠳᠠᠭᠰᠠᠨ ᠠᠶᠢᠮᠠᠭ ᠬᠤᠲᠠ ᠪᠣᠯ᠄ ᠤᠯᠠᠭᠠᠨᠬᠠᠳᠠ ᠬᠤᠳᠠ 58.38 ᠲᠦᠮᠡᠨ ᠬᠥᠮᠥᠨ ᠤᠳᠠᠭ᠎ᠠ᠂ ᠬᠥᠬᠡᠬᠤᠲᠠ 51.90 ᠲᠦᠮᠡᠨ ᠬᠥᠮᠥᠨ ᠤᠳᠠᠭ᠎ᠠ᠂ ᠤᠯᠠᠭᠠᠨᠴᠠᠪ ᠬᠤᠳᠠ 50.15 ᠲᠦᠮᠡᠨ ᠬᠥᠮᠥᠨ ᠤᠳᠠᠭ᠎ᠠ᠂ ᠣᠷᠳᠣᠰ ᠬᠤᠳᠠ 40.94 ᠲᠦᠮᠡᠨ ᠬᠥᠮᠥᠨ ᠤᠳᠠᠭ᠎ᠠ᠂ ᠪᠤᠰᠤᠳ ᠪᠦᠬᠦ ᠣᠷᠣᠨ ᠵᠢᠴᠢ ᠡᠯ᠎ᠡ ᠠᠶᠢᠮᠠᠭ ᠬᠤᠳᠠ ᠶᠢᠨ ᠭᠤᠣᠯ ᠬᠦᠯᠢᠶᠡᠨ ᠠᠪᠤᠭᠰᠠᠨ ᠪᠠᠶᠢᠳᠠᠯ ᠨᠢ ᠲᠤᠰ ᠲᠤᠰ ᠪᠠᠶᠠᠨᠨᠠᠭᠤᠷ 40.15 ᠲᠦᠮᠡᠨ ᠬᠥᠮᠥᠨ ᠤᠳᠠᠭ᠎ᠠ᠂ ᠪᠤᠭᠤᠲᠤ 38.95 ᠲᠦᠮᠡᠨ ᠬᠥᠮᠥᠨ ᠤᠳᠠᠭ᠎ᠠ᠂ ᠲᠦᠩᠯᠢᠶᠣᠣ 34.32 ᠲᠦᠮᠡᠨ ᠬᠥᠮᠥᠨ ᠤᠳᠠᠭ᠎ᠠ᠂ ᠬᠥᠯᠥᠨ ᠪᠤᠶᠢᠷ 21.42 ᠲᠦᠮᠡᠨ ᠬᠥᠮᠥᠨ ᠤᠳᠠᠭ᠎ᠠ᠂ ᠬᠢᠩᠭᠠᠨ ᠠᠶᠢᠮᠠᠭ 20.06 ᠲᠦᠮᠡᠨ ᠬᠥᠮᠥᠨ ᠤᠳᠠᠭ᠎ᠠ᠂ ᠰᠢᠯᠢ ᠶᠢᠨ ᠭᠤᠣᠯ ᠠᠶᠢᠮᠠᠭ 17.11 ᠲᠦᠮᠡᠨ ᠬᠥᠮᠥᠨ ᠤᠳᠠᠭ᠎ᠠ᠂ ᠦᠬᠠᠢ 9.58 ᠲᠦᠮᠡᠨ ᠬᠥᠮᠥᠨ ᠤᠳᠠᠭ᠎ᠠ᠂ ᠠᠯᠠᠱᠠ ᠠᠶᠢᠮᠠᠭ 8.02 ᠲᠦᠮᠡᠨ ᠬᠥᠮᠥᠨ ᠤᠳᠠᠭ᠎ᠠ ᠪᠣᠯᠣᠨ᠎ᠠ᠃                
      ᠭᠤᠷᠪᠠ᠂ ᠵᠣᠴᠢᠳ ᠤᠨ ᠢᠷᠡᠯᠲᠡ ᠶᠢᠨ ᠭᠠᠵᠠᠷ ᠤᠨ ᠪᠠᠶᠢᠳᠠᠯ      ᠣᠷᠣᠨ ᠤ ᠭᠠᠳᠠᠨᠠᠬᠢ ᠵᠣᠴᠢᠳ ᠤᠨ ᠢᠷᠡᠯᠲᠡ ᠶᠢᠨ ᠡᠮᠦᠨ᠎ᠡ ᠲᠠᠪᠤ ᠳᠤ ᠵᠢᠭᠰᠠᠭᠠᠭᠳᠠᠭᠰᠠᠨ ᠵᠣᠴᠢᠳ ᠤᠨ ᠢᠷᠡᠯᠲᠡ ᠶᠢᠨ ᠭᠠᠵᠠᠷ ᠨᠢ ᠲᠣᠰ ᠲᠣᠰ ᠱᠠᠩᠬᠠᠢ ᠬᠤᠲᠠ᠂ ᠭᠤᠸᠠᠩᠳᠦ᠋ᠩ ᠮᠤᠵᠢ᠂ ᠾᠧᠪᠧᠢ ᠮᠤᠵᠢ᠂ ᠪᠡᠭᠡᠵᠢᠩ ᠬᠤᠲᠠ᠂ ᠴᠦᠩᠴᠢᠩ ᠬᠤᠲᠠ ᠪᠣᠯᠣᠨ᠎ᠠ᠂ ᠡᠨᠡ ᠲᠠᠪᠤᠨ ᠮᠤᠵᠢ ᠬᠤᠲᠠ ᠶᠢᠨ ᠵᠣᠴᠢᠳ ᠤᠨ ᠢᠷᠡᠯᠲᠡ ᠶᠢᠨ ᠶᠡᠷᠦᠩᠬᠡᠢ ᠬᠡᠮᠵᠢᠶ᠎ᠡ ᠨᠢ ᠣᠷᠣᠨ ᠤ ᠭᠠᠳᠠᠨᠠᠬᠢ ᠵᠣᠴᠢᠳ ᠤᠨ ᠢᠷᠡᠯᠲᠡ ᠶᠢᠨ 61.78% ᠶᠢ ᠡᠵᠡᠯᠡᠭᠰᠡᠨ ᠪᠠᠶᠢᠨ᠎ᠠ᠃       ᠳᠥᠷᠪᠡ᠂ ᠵᠢᠭᠤᠯᠴᠢᠯᠠᠭᠴᠢᠳ ᠤᠨ ᠵᠠᠷᠤᠳᠠᠯ ᠤᠨ ᠪᠠᠶᠢᠳᠠᠯ     ᠨᠢᠭᠡᠳᠦᠭᠡᠷ ᠡᠳᠦᠷ ᠮᠠᠨ ᠤ ᠣᠷᠣᠨ ᠳᠤ ᠢᠷᠡᠭᠰᠡᠨ ᠵᠢᠭᠤᠯᠴᠢᠯᠠᠭᠴᠢᠳ ᠬᠥᠮᠥᠨ ᠪᠦᠷᠢ ᠳᠤ ᠳᠤᠮᠳᠠᠴᠢ ᠪᠠᠷ ᠤᠳᠠᠭ᠎ᠠ ᠪᠦᠷᠢ 687.54 ᠲᠥᠭᠦᠷᠢᠭ / ᠬᠥᠮᠥᠨ ᠤᠳᠠᠭ᠎ᠠ ᠵᠠᠷᠤᠴᠠᠭᠤᠯᠪᠠ᠂ ᠡᠭᠦᠨ ᠳᠤ ᠵᠠᠮ ᠬᠠᠷᠢᠯᠴᠠᠭᠠᠨ ᠤ ᠵᠠᠷᠤᠳᠠᠯ ᠤᠨ ᠲᠠᠯ᠎ᠠ ᠪᠠᠷ ᠬᠢ ᠡᠵᠡᠯᠡᠬᠦ ᠬᠠᠷᠢᠴᠠᠯ ᠨᠢ ᠬᠠᠮᠤᠭ ᠤᠨ ᠥᠨᠳᠥᠷ ᠪᠠᠶᠢᠵᠤ᠂ ᠡᠵᠡᠯᠡᠬᠦ ᠬᠠᠷᠢᠴᠠᠯ ᠨᠢ 23.34% ᠪᠣᠯᠣᠨ᠎ᠠ︔ ᠳᠠᠷᠠᠭ᠎ᠠ ᠳᠤ ᠨᠢ ᠢᠳᠡᠭᠡᠨ ᠤᠮᠳᠠᠭᠠᠨ ᠤ ᠵᠠᠷᠤᠳᠠᠯ 21.64% ᠳᠤ ᠬᠦᠷᠴᠡᠢ︔ ᠪᠠᠷᠠᠭ᠎ᠠ ᠬᠤᠳᠠᠯᠳᠤᠨ ᠠᠪᠬᠤ ᠳᠤ 20.29% ᠶᠢᠨ ᠵᠠᠷᠤᠳᠠᠯ ᠵᠠᠷᠤᠴᠠᠭᠤᠯᠪᠠ︔ ᠬᠤᠨᠣᠭᠯᠠᠬᠤ ᠵᠠᠷᠤᠳᠠᠯ 18.22%︔ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠠᠷᠤᠳᠠᠯ 8.77%︔ ᠰᠣᠶᠣᠯ ᠴᠡᠩᠭᠡᠯ ᠤᠨ ᠵᠠᠷᠤᠳᠠᠯ 4.33% ᠳᠤ ᠬᠦᠷᠴᠡᠢ︔ ᠰᠡᠯᠡᠭᠦᠴᠡᠨ ᠰᠤᠪᠢᠯᠠᠬᠤ ᠳᠤ 1.86%   ᠶᠢᠨ ᠵᠠᠷᠤᠳᠠᠯ ᠵᠠᠷᠤᠴᠠᠭᠤᠯᠪᠠ᠃ ᠪᠤᠰᠤᠳ ᠵᠠᠷᠤᠳᠠᠯ 1.55%᠃                  
      ᠲᠠᠪᠤ᠂ ᠵᠢᠭᠤᠯᠴᠢᠯᠠᠭᠴᠢᠳ ᠤᠨ ᠶᠠᠪᠤᠵᠤ ᠰᠠᠭᠤᠬᠤ ᠣᠨᠴᠠᠯᠢᠭ       ᠬᠤᠪᠢ ᠶᠢᠨ ᠲᠡᠷᠭᠡ ᠪᠠᠷ ᠶᠠᠪᠤᠵᠤ ᠪᠠᠶᠢᠭ᠎ᠠ ᠵᠢᠭᠤᠯᠴᠢᠯᠠᠭᠴᠢ ᠬᠠᠮᠤᠭ ᠤᠨ ᠣᠯᠠᠨ ᠪᠠᠶᠢᠵᠤ᠂ 78.84% ᠶᠢ ᠡᠵᠡᠯᠡᠵᠦ ᠪᠣᠶ︔ ᠨᠢᠰᠬᠡᠯ᠂ ᠭᠠᠯᠲᠤ ᠲᠡᠷᠭᠡ ᠵᠡᠷᠭᠡ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠶᠠᠪᠤᠵᠤ ᠪᠠᠶᠢᠭ᠎ᠠ ᠵᠢᠭᠤᠯᠴᠢᠯᠠᠭᠴᠢᠳ ᠤᠨ ᠬᠠᠷᠢᠴᠠᠯ 18.72% ᠢ ᠡᠵᠡᠯᠡᠨ᠎ᠡ︔ ᠲᠡᠷᠭᠡ ᠲᠦᠷᠢᠶᠡᠰᠦᠯᠡᠵᠦ ᠥᠪᠡᠷ ᠢᠶᠠᠨ ᠵᠢᠯᠤᠭᠤᠳᠴᠤ ᠪᠠᠶᠢᠭ᠎ᠠ ᠵᠢᠭᠤᠯᠴᠢᠯᠠᠭᠴᠢᠳ ᠤᠨ ᠡᠵᠡᠯᠡᠬᠦ ᠬᠠᠷᠢᠴᠠᠯ 2.59% ᠳᠤ ᠬᠦᠷᠴᠡᠢ︔ ᠳᠤᠭᠤᠢ ᠤᠨᠤᠬᠤ᠂ ᠶᠠᠪᠠᠭᠠᠨ ᠶᠠᠪᠤᠬᠤ ᠵᠡᠷᠭᠡ ᠪᠤᠰᠤᠳ ᠠᠷᠭ᠎ᠠ ᠮᠠᠶ᠋ᠢᠭ ᠢᠶᠠᠷ ᠶᠠᠪᠤᠵᠤ ᠪᠠᠶᠢᠭ᠎ᠠ ᠵᠢᠭᠤᠯᠴᠢᠯᠠᠭᠴᠢᠳ ᠤᠨ ᠬᠠᠷᠢᠴᠠᠯ 1.52% ᠢ ᠡᠵᠡᠯᠡᠵᠦ ᠪᠠᠶᠢᠨ᠎ᠠ᠃ ᠵᠢᠭᠤᠯᠴᠢᠯᠠᠭᠴᠢᠳ ᠤᠨ ᠣᠳᠣᠨ ᠲᠠᠰ ᠤᠨ ᠪᠤᠰᠤ ᠵᠢᠭᠤᠯᠴᠢᠯᠠᠯ ᠤᠨ ᠪᠠᠭᠤᠳᠠᠯ ᠳᠤ ᠬᠤᠨᠣᠬᠤ ᠬᠠᠷᠢᠴᠠᠯ ᠨᠢ ᠬᠠᠮᠤᠭ ᠤᠨ ᠥᠨᠳᠥᠷ ᠪᠠᠶᠢᠵᠤ᠂ 77.57% ᠶᠢ ᠡᠵᠡᠯᠡᠨ᠎ᠡ︔ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠭᠡᠷ ᠲᠤ ᠬᠤᠨᠣᠭᠰᠠᠨ ᠵᠢᠭᠤᠯᠴᠢᠯᠠᠭᠴᠢᠳ ᠤᠨ ᠡᠵᠡᠯᠡᠬᠦ ᠬᠠᠷᠢᠴᠠᠯ 16.90% ᠳᠤ ᠬᠦᠷᠴᠦ᠂ ᠣᠳᠣᠨ ᠲᠠᠰ ᠤᠨ ᠪᠠᠭᠤᠳᠠᠯ ᠳᠤ ᠬᠤᠨᠣᠭᠰᠠᠨ ᠵᠢᠭᠤᠯᠴᠢᠯᠠᠭᠴᠢᠳ ᠤᠨ ᠡᠵᠡᠯᠡᠬᠦ ᠬᠠᠷᠢᠴᠠᠯ 5.53% ᠳᠤ ᠬᠦᠷᠴᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map