ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠬᠥᠬᠡᠬᠤᠲᠠ ᠶᠢᠨ ᠤᠯᠤᠰ ᠤᠨ ᠦᠮᠴᠢᠯᠡᠯᠲᠦ ᠪᠤᠰᠤ ᠮᠦᠽᠧᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/2/5
    ᠮᠦᠽᠧᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ︽ᠮᠦᠽᠧᠢ ᠳᠤ ᠰᠢᠨᠡᠯᠡᠬᠦ︾ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠦᠯᠦᠭᠡ᠂ 1 ᠳ᠋ᠤᠭᠡᠷ ᠰᠠᠷ᠎ᠠ ᠶᠢᠨ 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠭᠤᠸᠠᠨ ᠹᠦ᠋ ᠼᠠᠢ ᠨᠠᠷ ᠥᠪᠥᠷ ᠮᠣᠩᠭᠤᠯ ᠤᠨ ᠪᠠᠢ ᠱᠢ ᠵᠧᠨ ︱ ᠤᠯᠠᠭᠠᠨ ᠽᠠᠨᠳᠠᠨ ᠤᠷᠠᠯᠢᠭ ᠤᠨ ᠮᠦᠽᠧᠢ ᠵᠡᠷᠭᠡ ᠰᠣᠶᠣᠯ ᠦᠵᠡᠰᠬᠦᠯᠡᠩ ᠤᠨ ᠣᠷᠳᠣᠨ ᠳᠤ ᠬᠦᠷᠴᠦ ᠠᠮᠤᠷ ᠲᠦᠪᠰᠢᠨ᠂ ᠦᠵᠡᠰᠬᠦᠯᠡᠩ ᠵᠡᠷᠭᠡ ᠲᠠᠯ᠎ᠠ ᠪᠠᠷ ᠪᠠᠶᠢᠴᠠᠭᠠᠯᠲᠠ ᠬᠢᠭᠰᠡᠨ ᠪᠥᠭᠡᠳ ︽ᠮᠦᠽᠧᠢ ᠳᠤ ᠰᠢᠨᠡᠯᠡᠬᠦ︾ ᠬᠠᠮᠢᠶ᠎ᠠ ᠪᠦᠬᠦᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃     ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠤᠷ ᠲᠤ ᠪᠠᠶᠢᠴᠠᠭᠠᠨ ᠦᠵᠡᠬᠦ᠂ ᠨᠢᠭᠤᠷᠲᠠᠨ ᠠᠰᠠᠭᠤᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠮᠦᠽᠧᠢ ᠶᠢᠨ ᠳᠡᠯᠭᠡᠨ ᠦᠵᠡᠭᠦᠯᠭᠡ ᠶᠢᠨ ᠠᠭᠤᠯᠭ᠎ᠠ᠂ ᠠᠮᠤᠷ ᠲᠦᠪᠰᠢᠨ ᠤ ᠰᠡᠷᠭᠡᠶᠢᠯᠡᠯᠲᠡ ᠭᠠᠯ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ᠂ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠳᠤ ᠪᠠᠶᠢᠴᠠᠭᠠᠯᠲᠠ ᠬᠢᠭᠰᠡᠨ ᠪᠥᠭᠡᠳ ᠮᠦᠽᠧᠢ ᠶᠢᠨ ᠬᠠᠷᠢᠭᠤᠴᠠᠯᠭᠠᠲᠠᠨ ᠤ ︽ᠮᠦᠽᠧᠢ ᠳᠤ ᠰᠢᠨᠡᠯᠡᠬᠦ︾ ᠵᠡᠷᠭᠡ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      
    ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ᠂ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠦᠬᠦᠢ ᠨᠥᠬᠦᠳ ᠪᠠᠶᠢᠴᠠᠭᠠᠬᠤ᠂ ᠪᠠᠶᠢᠴᠠᠭᠠᠨ ᠰᠤᠳᠤᠯᠬᠤ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map