︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/2/5
     2024 ᠣᠨ ᠤ 1 ᠳ᠋ᠣᠭᠡᠷ ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ ︵ᠥᠪᠥᠷ ᠦᠰᠦᠭ ᠵᠢᠭᠤᠯᠴᠢᠯᠠᠯ ᠠᠯᠪᠠᠨ ᠥᠰᠥᠭ ﹇2024﹈ 26 ᠳ᠋ᠤᠭᠠᠷ ᠲᠣᠭᠠᠲᠤ︶ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠮᠠᠨ ᠤ ᠬᠤᠲᠠ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠲᠦᠯᠬᠢᠨ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠡ      ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ      ᠰᠢ ᠶᠢᠨ ᠫᠢᠩ ᠶᠡᠷᠦᠩᠬᠡᠢ ᠱᠦᠵᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢ ᠪᠤᠶ ᠪᠣᠯᠭᠠᠬᠤ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠶᠢᠨ ᠤᠬᠠᠮᠰᠠᠷ ᠢ ᠪᠠᠲᠤ ᠪᠤᠶ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠬᠠᠮᠠᠭᠠᠯᠠᠯᠲᠠ ᠶᠢ ᠴᠢᠩᠭᠠᠳᠬᠠᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠤᠯᠠᠮᠵᠢᠯᠠᠯ ᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠲᠠᠷᠢᠶᠠᠯᠠᠬᠤ ᠰᠣᠶᠣᠯ ᠤᠨ ᠬᠠᠮᠠᠭᠠᠯᠠᠯᠲᠠ᠂ ᠬᠤᠳᠠ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠵᠢᠴᠢ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠳᠤ ᠬᠢ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠥᠨᠳᠥᠷ ᠲᠦᠪᠰᠢᠨ ᠢᠶᠠᠷ ᠠᠭᠤᠰᠤᠯᠴᠠᠬᠤ᠂ ᠴᠢᠨᠠᠷ ᠰᠠᠶᠢᠲᠠᠢ ᠬᠥᠭᠵᠢᠬᠦ ᠶᠢ ᠨᠡᠩ ᠰᠠᠶᠢᠲᠤᠷ ᠳᠡᠮᠵᠢᠬᠦ  ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠵᠢᠴᠢ ᠰᠣᠶᠣᠯ ᠪᠠ ᠵᠢᠭᠤᠯᠴᠢᠯᠠᠯ ᠤᠨ ᠶᠠᠮᠤᠨ ᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠯᠦᠪᠵᠢᠭᠦᠯᠭᠡ︾ ᠳᠤ ᠬᠢ ︽ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ ᠶᠢ ᠪᠦᠲᠦᠭᠡᠨ ᠪᠠᠶᠢᠭᠤᠯᠬᠤ︾ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ  ᠰᠢᠰᠲ᠋ᠧᠮ ᠴᠢᠨᠠᠷᠲᠠᠢ ᠬᠠᠮᠠᠭᠠᠯᠠᠯᠲᠠ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠬᠦᠯᠦᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ  ᠬᠠᠩᠭᠠᠬᠤ  ᠶᠢᠨ ᠲᠥᠯᠥᠭᠡ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠦᠨᠡᠯᠡᠬᠦ ᠪᠠ ᠬᠠᠮᠢᠶᠠᠷᠬᠤ ᠠᠷᠭ᠎ᠠ︾ ᠶᠢ ᠲᠣᠭᠲᠠᠭᠠᠪᠠ᠃      ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ      ︽ᠬᠠᠮᠢᠶᠠᠷᠤᠯᠲᠠ ᠶᠢᠨ ᠠᠷᠭ᠎ᠠ︾ ᠳᠤ ᠨᠡᠶᠢᠳᠡ ᠠᠷᠪᠠᠨ ᠨᠠᠢᠮᠠᠨ ᠵᠦᠢᠯ ᠪᠤᠢ᠃ ︽ᠠᠷᠭ᠎ᠠ︾ ᠶᠢ ᠲᠣᠭᠲᠠᠭᠠᠭᠰᠠᠨ ᠵᠣᠷᠢᠯᠭ᠎ᠠ᠂ ᠦᠨᠳᠦᠰᠦᠯᠡᠯ᠂ ᠲᠣᠮᠢᠶᠠᠯᠠᠯ ᠢ ᠲᠠᠶᠢᠯᠪᠤᠷᠢᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠦᠨᠡᠯᠡᠬᠦ ᠪᠠ ᠬᠠᠮᠢᠶᠠᠷᠬᠤ ᠠᠷᠭ᠎ᠠ ᠶᠢᠨ ᠮᠡᠳᠡᠭᠦᠯᠬᠦ ᠨᠥᠬᠦᠴᠡᠯ᠂ ᠮᠠᠲ᠋ᠧᠷᠢᠶᠠᠯ ᠤᠨ ᠱᠠᠭᠠᠷᠳᠠᠯᠭ᠎ᠠ᠂ ᠦᠨᠡᠯᠡᠨ ᠲᠣᠭᠲᠠᠭᠠᠬᠤ ᠵᠢᠷᠤᠮ᠂ ᠪᠦᠲᠦᠭᠡᠨ ᠪᠠᠶᠢᠭᠤᠯᠤᠯᠲᠠ᠂ ᠳᠡᠮᠵᠢᠬᠦ ᠠᠷᠭ᠎ᠠ ᠬᠡᠮᠵᠢᠶ᠎ᠡ᠂  ᠦᠨᠡᠯᠡᠯᠲᠡ ᠬᠠᠮᠢᠶᠠᠷᠦᠯᠲᠡ ᠵᠡᠷᠭᠡ ᠳᠤ ᠱᠠᠭᠠᠷᠳᠠᠯᠭ᠎ᠠ ᠳᠤᠷᠠᠳᠴᠤ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠦᠨᠡᠯᠡᠬᠦ ᠪᠠ ᠬᠠᠮᠢᠶᠠᠷᠬᠤ ᠠᠷᠭ᠎ᠠ ᠶᠢ ᠴᠢᠩᠭᠠᠳᠬᠠᠵᠤ᠂ ᠨᠡᠩ ᠰᠠᠶᠢᠲᠤᠷ ᠬᠠᠮᠠᠭᠠᠯᠠᠬᠤ ᠪᠠ ᠤᠯᠠᠮᠵᠢᠯᠠᠨ ᠬᠥᠭᠵᠢᠭᠦᠯᠬᠦ  ᠪᠠᠷ ᠵᠤᠷᠢᠵᠠᠢ᠃      ᠭᠤᠷᠪᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢᠶᠠᠷ ᠮᠡᠳᠡᠭᠦᠯᠬᠦ ᠱᠠᠭᠠᠷᠳᠠᠯᠭ᠎ᠠ      ᠨᠢᠭᠡ ᠳᠤ᠂ ᠳᠥᠷᠪᠡᠨ ᠵᠠᠬ᠎ᠠ ᠶᠢᠨ ᠬᠡᠪᠴᠢᠶ᠎ᠡ ᠨᠢ ᠲᠣᠳᠣᠷᠬᠠᠢ ᠪᠠᠶᠢᠵᠤ᠂ ᠡᠵᠡᠯᠡᠬᠦ ᠲᠠᠯᠠᠪᠠᠶ ᠨᠢ 2000 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠵᠤ ᠪᠣᠯᠬᠤ ᠦᠭᠡᠢ︔ ᠬᠤᠶᠠᠷ ᠲᠤ᠂ ᠪᠣᠳᠠᠰ ᠤᠨ ᠪᠤᠰᠤ ᠰᠤᠶᠤᠯ ᠤᠨ ᠥᠪ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠥᠪᠯᠡᠷᠡᠵᠦ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠡᠯᠪᠡᠭ ᠪᠠᠶᠢᠵᠤ᠂ ᠰᠣᠶᠣᠯ  ᠵᠢᠭᠤᠯᠴᠢᠯᠠᠯ ᠤᠨ ᠬᠡᠷᠡᠭᠯᠡᠭᠡᠨ ᠤ ᠬᠥᠮᠥᠨ ᠤᠳᠠᠭ᠎ᠠ ᠵᠢᠴᠢ ᠬᠡᠷᠡᠭᠯᠡᠭᠡᠨ ᠤ ᠬᠡᠪᠴᠢᠶ᠎ᠡ ᠨᠡᠯᠢᠶᠡᠳ ᠶᠡᠭᠡ ᠪᠠᠶᠢᠬᠤ︔  ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠣᠨ ᠵᠠᠢ ᠪᠠᠶᠢᠵᠤ᠂ ᠡᠵᠡᠩᠨᠡᠯᠲᠡ ᠶᠢᠨ ᠬᠤᠳᠠᠯᠳᠤᠭᠠᠴᠢᠨ ᠤ ᠳᠣᠲᠣᠷᠠᠬᠢ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠣᠯ ᠡᠵᠡᠩᠨᠡᠯᠲᠡ ᠪᠠᠨ ᠪᠤᠯᠭᠠᠭᠰᠠᠨ ᠬᠤᠳᠠᠯᠳᠤᠭᠠᠴᠢᠨ ᠤ ᠲᠤᠭ᠎ᠠ ᠬᠡᠮᠵᠢᠶ᠎ᠡ ᠪᠤᠶᠤ ᠡᠵᠡᠩᠨᠡᠯᠲᠡ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 50% ᠠᠴᠠ ᠳᠣᠣᠷ᠎ᠠ ᠪᠠᠶᠢᠯᠭᠠᠬᠤ ᠦᠭᠡᠢ︔ ᠭᠤᠷᠪᠠ ᠳᠤ᠂ ᠨᠡᠶᠢᠭᠡᠮ ᠤᠨ ᠠᠮᠤᠷ ᠲᠦᠪᠰᠢᠨ᠂ ᠭᠡᠷᠡᠯᠲᠦᠭᠦᠯᠭᠡ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠴᠢᠮᠡᠭᠡ ᠨᠡᠪᠲᠡᠷᠡᠯᠭᠡ ᠶᠢᠨ ᠪᠠᠶᠢᠳᠠᠯ ᠰᠠᠶᠢᠨ ᠪᠠᠶᠢᠵᠤ᠂ ᠬᠡᠷᠡᠭᠯᠡᠭᠴᠢᠳ ᠤᠨ ᠶᠠᠪᠤᠵᠤ ᠰᠠᠭᠤᠬᠤ ᠦᠨᠳᠦᠰᠦᠨ ᠬᠡᠷᠡᠭᠴᠡᠭᠡ ᠶᠢ ᠬᠠᠩᠭᠠᠬᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠲᠠᠢ ᠪᠠᠶᠢᠬᠤ ᠬᠡᠷᠡᠭᠲᠡᠢ︔ ᠳᠥᠷᠪᠡ ᠳᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭ᠎ᠠ ᠶᠢᠨ ᠬᠡᠯᠪᠡᠷᠢ ᠨᠢ ᠣᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ ᠪᠠᠶᠢᠵᠤ᠂ ᠴᠤᠭᠯᠠᠷᠠᠯ ᠤᠨ ᠦᠢᠯᠡᠳᠦᠯ ᠂ ᠨᠠᠷᠠᠲᠤ ᠲᠡᠮᠳᠡᠭᠲᠦ ᠶᠢᠨ ᠦᠢᠯᠡᠳᠦᠯ ᠢ ᠪᠣᠶ ᠪᠣᠯᠭᠠᠵᠤ᠂ ᠲᠣᠰ ᠭᠠᠵᠠᠷ ᠤᠨ ᠰᠠᠭᠤᠭᠠᠯᠢ ᠠᠷᠠᠳ ᠵᠢᠴᠢ ᠭᠠᠳᠠᠷ ᠣᠷᠣᠨ ᠤ ᠵᠢᠭᠤᠯᠴᠢᠯᠠᠭᠴᠢᠳ ᠤᠨ ᠳᠤᠮᠳᠠ ᠨᠡᠯᠢᠶᠡᠳ ᠥᠨᠳᠥᠷ ᠠᠯᠳᠠᠷᠰᠢᠯ ᠪᠠ ᠨᠡᠯᠢᠶᠡᠳ ᠴᠢᠩᠭ᠎ᠠ ᠲᠠᠲᠠᠬᠤ ᠬᠦᠴᠦᠨ ᠲᠠᠢ ᠪᠠᠶᠢᠬᠤ ᠬᠡᠷᠡᠭᠲᠡᠢ︔ ᠲᠠᠪᠤ ᠳᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠰᠠᠶᠢᠨ ᠪᠠᠶᠢᠵᠤ᠂ ᠬᠡᠷᠡᠭᠯᠡᠭᠡᠨ ᠤ ᠣᠷᠴᠢᠨ ᠲᠣᠭᠤᠷᠢᠨ ᠦᠨᠡᠨᠴᠢ ᠢᠲᠡᠭᠡᠮᠵᠢᠲᠡᠢ᠂ ᠬᠠᠤᠯᠢ ᠶᠢ ᠰᠠᠬᠢᠬᠤ᠂ ᠪᠣᠯᠪᠠᠰᠤᠨ ᠡᠮᠬᠢ ᠳᠢᠭᠯᠢᠮ ᠲᠠᠢ᠂ ᠡᠷᠡᠭᠦᠯ ᠪᠥᠭᠡᠳ ᠪᠣᠬᠢᠷᠲᠤᠯ ᠦᠭᠡᠢ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠳᠤ ᠲᠦᠭᠦᠮ ᠪᠠᠶᠢᠬᠤ ᠬᠡᠷᠡᠭᠲᠡᠢ︔ ᠣᠶᠢᠷ᠎ᠠ ᠶᠢᠨ 2 ᠵᠢᠯ ᠳᠤ ᠣᠷᠣᠨ ᠪᠦᠰᠡ ᠶᠢᠨ ᠬᠡᠪᠴᠢᠶᠡᠨ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠨᠡᠯᠢᠶᠡᠳ ᠶᠡᠭᠡ ᠠᠰᠠᠭᠤᠳᠠᠯ ᠭᠠᠷᠤᠭᠰᠠᠨ ᠦᠭᠡᠢ ᠪᠠᠶᠢᠬᠤ︔ ᠵᠢᠷᠭᠤᠭ᠎ᠠ ᠳᠤ᠂ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠪᠣᠳᠠᠰ ᠤᠨ ᠪᠤᠰᠤ ᠰᠣᠶᠣᠯ ᠤᠨ ᠥᠪ ᠤᠨ ᠡᠵᠡᠩᠨᠡᠯᠲᠡ ᠶᠢᠨ  ᠠᠵᠤ ᠠᠬᠤᠢ ᠶᠢ ᠴᠢᠬᠤᠯᠠᠴᠢᠯᠠᠨ ᠬᠥᠭᠵᠢᠭᠦᠯᠵᠦ᠂ ᠬᠡᠷᠡᠭᠯᠡᠭᠡᠨ ᠤ ᠲᠠᠯᠠᠪᠤᠷ ᠭᠠᠵᠠᠷ ᠤᠨ ᠪᠡᠯᠡᠳᠬᠡᠮᠵᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠠᠶᠢᠨ ᠪᠠᠶᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠨ ᠰᠢᠨᠡᠴᠢᠯᠡᠬᠦ  ᠶᠢ ᠬᠦᠲᠦᠯᠦᠨ ᠵᠢᠯᠤᠭᠤᠳᠤᠨ᠎ᠠ᠃      ᠳᠥᠷᠪᠡ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠭᠤᠶᠤᠴᠢᠯᠠᠨ ᠮᠡᠳᠡᠭᠦᠯᠬᠦ ᠨᠥᠭᠦᠴᠡᠯ      ᠨᠢᠭᠡ ᠳᠤ᠂ ᠪᠠᠶᠢᠭᠠᠯᠢ ᠶᠢᠨ ᠣᠷᠴᠢᠨ ᠠᠬᠤᠢ ᠶᠢᠨ ᠳᠠᠪᠠᠭᠤᠯᠢᠭ ᠢ ᠠᠰᠢᠭᠯᠠᠨ᠂ ᠲᠥᠯᠥᠭᠡᠯᠡᠬᠦ ᠴᠢᠨᠠᠷᠲᠠᠢ ᠤᠯᠠᠮᠵᠢᠯᠠᠯᠲᠤ ᠰᠣᠶᠣᠯ ᠤᠨ ᠬᠡᠯᠪᠡᠷᠢ ᠪᠤᠶᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠣᠶᠢᠵᠢᠭᠤᠯᠤᠨ ᠬᠥᠭᠵᠢᠬᠦᠯᠦᠭᠰᠡᠨ︔ ᠬᠤᠶᠠᠷ ᠲᠤ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢᠶᠠᠷ ᠨᠡᠯᠢᠶᠡᠳ ᠡᠯᠪᠡᠭ᠂ ᠣᠨᠴᠠᠯᠢᠭ ᠢᠶᠠᠷ ᠢᠯᠡ ᠲᠣᠳᠣ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ 2 ᠵᠦᠢᠯ ᠠᠴᠠ ᠳᠤᠲᠠᠭᠤ ᠦᠭᠡᠢ᠂ ᠡᠰᠡᠬᠦᠯ᠎ᠡ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠡᠭᠡᠭᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠨᠠᠭᠠᠲᠤ ᠵᠠᠬ᠎ᠠ ᠳᠤ ᠪᠠᠨ 1 ᠵᠦᠢᠯ ᠪᠠᠶᠢᠬᠤ ᠪᠥᠭᠡᠳ ᠤᠯᠠᠮᠵᠢᠯᠠᠨ ᠵᠠᠯᠭᠠᠮᠵᠢᠯᠠᠵᠤ ᠦᠷᠭᠦᠯᠵᠢᠯᠡᠨ ᠣᠷᠣᠰᠢᠬᠤ ᠪᠠᠶᠢᠳᠠᠯ ᠨᠢ ᠰᠠᠶᠢᠨ︔ ᠭᠤᠷᠪᠠ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠪᠠ ᠤᠯᠠᠮᠵᠢᠯᠠᠯ ᠤᠨ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠣᠯᠠᠨ ᠲᠦᠮᠡᠨ ᠤ ᠲᠠᠨᠢᠯᠲᠠ ᠪᠠ ᠠᠵᠢᠯᠯᠠᠭ᠎ᠠ ᠳᠤ ᠣᠷᠣᠯᠴᠠᠬᠤ ᠨᠣᠷᠮ᠎ᠠ ᠨᠡᠯᠢᠶᠡᠳ ᠥᠨᠳᠥᠷ ᠪᠠᠶᠢᠵᠤ᠂ ᠬᠤᠰᠢᠭᠤ ᠰᠢᠶᠠᠨ ᠤ ᠱᠠᠲᠤᠨ   ᠠᠴᠠ ᠳᠡᠭᠡᠭᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ 2 ᠬᠥᠮᠥᠨ ᠠᠴᠠ ᠳᠤᠲᠠᠭᠤ ᠦᠭᠡᠢ ᠪᠠᠶᠢᠬᠤ᠂ ᠡᠰᠡᠬᠦᠯ᠎ᠡ ᠡᠳᠦᠷ ᠲᠤᠲᠤᠮ ᠤᠨ ᠪᠤᠳᠠᠰ ᠤᠨ ᠪᠤᠰᠤ ᠰᠤᠶᠤᠯ  ᠤᠨ ᠥᠪ  ᠤᠨ ᠦᠢᠯᠡᠳᠦᠯᠭᠡ ᠶᠢᠨ ᠠᠵᠢᠯᠯᠠᠭ᠎ᠠ ᠳᠤ ᠣᠷᠣᠯᠴᠠᠬᠤ ᠬᠥᠮᠥᠨ ᠤ ᠲᠤᠭ᠎ᠠ 20 ᠬᠥᠮᠥᠨ ᠠᠴᠠ ᠳᠤᠲᠠᠭᠤ ᠦᠭᠡᠢ ᠪᠠᠶᠢᠬᠤ᠂ ᠤᠯᠠᠮᠵᠢᠯᠠᠭᠴᠢ ᠵᠢᠴᠢ ᠠᠵᠢᠯᠯᠠᠭᠰᠠᠳ ᠤᠨ ᠡᠩᠨᠡᠭᠡ ᠬᠠᠷᠢᠴᠠᠩᠭᠤᠢ ᠲᠣᠭᠲᠠᠭᠤᠨ ᠪᠠᠶᠢᠬᠤ︔ ᠳᠥᠷᠪᠡ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ᠂ ᠳᠡᠯᠭᠡᠨ ᠦᠵᠡᠭᠦᠯᠭᠡ᠂ ᠪᠣᠯᠪᠠᠰᠤᠷᠠᠭᠤᠯᠤᠯ᠂ ᠪᠡᠶᠡᠴᠢᠯᠡᠨ ᠣᠶᠢᠯᠠᠭᠠᠬᠤ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠵᠢᠯ ᠪᠦᠷᠢ ᠳᠤᠮᠳᠠᠴᠢ ᠪᠠᠷ 5 ᠤᠳᠠᠭ᠎ᠠ ᠠᠴᠠ ᠳᠤᠲᠠᠭᠤ ᠦᠭᠡᠢ ᠠᠵᠢᠯᠯᠠᠭ᠎ᠠ ᠦᠷᠨᠢᠬᠦᠯᠦᠭᠰᠡᠨ ᠪᠠᠶᠢᠬᠤ︔ ᠪᠤᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠭᠡ ᠶᠢᠨ ᠠᠵᠢᠯᠯᠠᠭ᠎ᠠ ᠶᠢ ᠵᠢᠯ ᠪᠦᠷᠢ 5 ᠤᠳᠠᠭ᠎ᠠ ᠠᠴᠠ ᠳᠤᠲᠠᠭᠤ ᠦᠭᠡᠢ ᠦᠷᠨᠢᠬᠦᠯᠦᠭᠰᠡᠨ ᠪᠠᠶᠢᠬᠤ︔ ᠲᠠᠪᠤ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠲᠠᠯᠠᠪᠤᠷ ᠣᠷᠳᠣᠨ ︵ᠲᠠᠯᠠᠪᠤᠷ︶ ᠢ ᠨᠠᠭᠠᠲᠤ ᠵᠠᠬ᠎ᠠ ᠳᠤ ᠪᠠᠨ 1 ᠪᠠᠶᠢᠭᠤᠯᠵᠤ᠂ ᠰᠠᠭᠤᠷᠢ ᠪᠡᠯᠡᠳᠬᠡᠮᠵᠢ ᠵᠢᠴᠢ ᠤᠯᠠᠮᠵᠢᠯᠠᠨ ᠵᠠᠯᠭᠠᠮᠵᠢᠯᠠᠬᠤ ᠲᠥᠬᠦᠭᠡᠷᠦᠮᠵᠢ ᠪᠦᠷᠢᠨ ᠭᠦᠢᠴᠡᠳ ᠪᠠᠶᠢᠵᠤ᠂ ᠪᠤᠳᠠᠰ ᠤᠨ ᠪᠤᠰᠤ ᠰᠤᠶᠤᠯ  ᠤᠨ ᠥᠪ`  ᠤᠨ ᠤᠯᠠᠮᠵᠢᠯᠠᠯ ᠤᠨ ᠠᠵᠢᠯᠯᠠᠭ᠎ᠠ ᠶᠢᠨ ᠦᠨᠳᠦᠰᠦᠨ ᠬᠡᠷᠡᠭᠴᠡᠭᠡ ᠶᠢ ᠬᠠᠩᠭᠠᠵᠤ ᠴᠢᠳᠠᠬᠤ︔ ᠵᠢᠷᠭᠤᠭ᠎ᠠ ᠳᠤ᠂ ᠤᠯᠠᠨ ᠲᠦᠮᠡᠨ ᠢ ᠵᠣᠬᠢᠶᠠᠨ ᠪᠠᠶᠢᠭᠤᠯᠵᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ  ᠶᠢ ᠦᠷᠨᠢᠬᠦᠯᠬᠦ ᠲᠤᠰᠬᠠᠢ ᠬᠥᠮᠥᠨ ᠪᠠᠶᠢᠬᠤ᠂ ᠠᠵᠢᠯᠯᠠᠭ᠎ᠠ ᠶᠢᠨ ᠵᠠᠷᠤᠳᠠᠯ ᠪᠠᠲᠤᠯᠠᠭ᠎ᠠ ᠲᠠᠢ ᠪᠠᠶᠢᠬᠤ ᠬᠡᠷᠡᠭᠲᠡᠢ  ᠃      ᠲᠠᠪᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ  ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠲᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠬᠦᠯᠦᠨ᠎ᠡ      ᠦᠷ᠎ᠡ ᠪᠦᠲᠦᠭᠡᠯ ᠢᠶᠠᠷ ᠲᠣᠪᠣᠶᠢᠮ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢ ᠪᠦᠲᠦᠭᠡᠨ ᠪᠠᠶᠢᠭᠤᠯᠤᠭᠰᠠᠨ ᠪᠤᠯ  ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠦᠪᠲᠦ ᠵᠢᠭᠤᠯᠴᠢᠯᠠᠯ ᠤᠨ ᠰᠣᠳᠣᠨ  ᠵᠠᠮ ᠱᠤᠭᠤᠮ ᠳᠤ ᠣᠷᠣᠭᠤᠯᠬᠤ ᠪᠠᠷ ᠲᠠᠨᠢᠯᠴᠠᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠᠷ ᠮᠡᠳᠡᠭᠦᠯᠬᠦ ᠰᠢᠯᠢᠳᠡᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠵᠢᠴᠢ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠢᠶᠠᠷ ᠮᠡᠳᠡᠭᠦᠯᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠡᠯᠪᠡᠶᠢᠯᠭᠡᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ 3 ᠵᠢᠯ ᠳᠤ ᠨᠢᠭᠡ ᠤᠳᠠᠭ᠎ᠠ ᠰᠢᠯᠭᠠᠨ ᠬᠢᠨᠠᠵᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ᠎ᠠ᠃ ᠬᠢᠨᠠᠨ ᠰᠢᠯᠭᠠᠵᠤ ᠦᠨᠡᠯᠡᠭᠡᠳ ᠬᠢᠷᠢ ᠲᠡᠩᠴᠡᠭᠰᠡᠨ ᠪᠠᠶᠢᠪᠠᠯ᠂ ᠵᠠᠷᠯᠠᠨ ᠰᠠᠶᠢᠰᠢᠶᠠᠬᠤ ᠶᠢᠨ ᠬᠠᠮᠲᠤ ᠱᠠᠩᠨᠠᠨ ᠬᠥᠬᠢᠭᠦᠯᠦᠨ᠎ᠡ︔ ᠬᠢᠨᠠᠨ ᠰᠢᠯᠭᠠᠵᠤ ᠦᠨᠡᠯᠡᠨ ᠵᠢᠱᠢᠬᠦ ᠳᠤ ᠬᠢᠷᠢ ᠲᠡᠩᠴᠡᠭᠰᠡᠨ ᠦᠭᠡᠢ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠬᠢᠨᠠᠨ ᠰᠢᠯᠭᠠᠵᠤ ᠦᠨᠡᠯᠡᠨ ᠵᠢᠱᠢᠭᠡᠳ ᠮᠥᠨ ᠬᠢᠷᠢ ᠲᠡᠩᠴᠡᠭᠰᠡᠨ ᠦᠭᠡᠢ ᠶᠢ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠪᠠᠯᠭᠠᠰᠤ᠂ ᠵᠡᠭᠡᠯᠢ ᠲᠣᠭᠤᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠢᠯᠡ ᠵᠠᠷᠯᠠᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map