ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠬᠥᠯᠥᠨ ᠪᠤᠶᠢᠷ ᠬᠤᠲᠠ ᠳᠤ ᠬᠦᠷᠴᠦ ᠠᠮᠤᠷ ᠲᠦᠪᠰᠢᠨ ᠤ ᠬᠡᠮ ᠰᠣᠭᠤᠭ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ  ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/2/6
     1 ᠳ᠋ᠦ᠋ᠭᠡᠷ ᠰᠠᠷ᠎ᠠ ᠶᠢᠨ 30 ᠤ ᠡᠳᠦᠷ ᠠᠴᠠ 2 ᠳ᠋ᠤᠭᠠᠷ ᠰᠠᠷ᠎ᠠ ᠶᠢᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠢᠩᠬᠢᠮ ᠤᠨ ᠳᠡᠳ᠋ ᠳᠠᠷᠤᠭ᠎ᠠ ᠰᠦᠨ ᠭᠦᠸᠧ ᠮᠢᠩ ᠬᠢᠨᠠᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠬᠥᠯᠥᠨ ᠪᠤᠶᠢᠷ ᠬᠤᠲᠠ ᠳᠤ ᠬᠦᠷᠴᠦ᠂ ︽ᠳᠥᠷᠪᠡ ᠶᠢ ᠬᠡᠷᠡᠭᠵᠢᠭᠦᠯᠬᠦ ᠦᠭᠡᠢ ᠬᠤᠶᠠᠷ  ᠰᠢᠭᠤᠳ︾ ᠠᠷᠭ᠎ᠠ ᠬᠡᠯᠪᠡᠷᠢ ᠪᠠᠷ ᠲᠠᠮᠵᠢᠭᠤᠯᠤᠨ ᠰᠣᠶᠣᠯ ᠵᠢᠭᠤᠯᠴᠢᠯᠠᠯ ᠤᠨ ᠲᠠᠯᠠᠪᠤᠷ ᠲᠤ ᠭᠦᠨᠵᠡᠭᠡᠶᠢᠷᠡᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠪᠠᠶᠢᠴᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ  ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠵᠢᠴᠢ ᠰᠣᠶᠣᠯ ᠵᠢᠭᠤᠯᠴᠢᠯᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠠᠶᠤᠯ ᠦᠭᠡᠢ ᠦᠢᠯᠡᠳᠪᠦᠷᠢᠯᠡᠯ ᠪᠣᠯᠣᠨ ᠠᠮᠠᠷᠠᠯᠲᠠ ᠶᠢᠨ ᠬᠤᠭᠤᠴᠠᠭᠠᠨ ᠤ ᠵᠠᠬ᠎ᠠ ᠳᠡᠯᠭᠡᠭᠦᠷ ᠤᠨ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠱᠠᠯᠠᠪᠳᠠᠭᠤᠯᠤᠨ ᠪᠠᠶᠢᠴᠠᠭᠠᠪᠠ᠃      ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠬᠠᠷᠢᠶ᠎ᠠ ᠭᠠᠵᠠᠷ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ᠂ ᠰᠣᠶᠣᠯ ᠵᠢᠭᠤᠯᠴᠢᠯᠠᠯ ᠤᠨ ᠭᠠᠵᠠᠷ ᠤᠨ ᠬᠢᠨ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ   ᠢ ᠢᠮᠠᠭᠲᠠ ᠦᠢᠯᠡᠳᠦᠯᠭᠡᠵᠢᠭᠦᠯᠵᠦ᠂ ︽ᠠᠷᠪᠠᠨ ᠲᠦᠷᠪᠡᠲᠦᠭᠡᠷ ᠡᠪᠦᠯ ᠤᠨ ᠴᠤᠭᠯᠠᠭᠠᠨ︾ ᠢ ᠬᠤᠷᠠᠯᠳᠤᠭᠤᠯᠬᠤ ᠪᠠᠷ ᠲᠣᠬᠢᠶᠠᠯ ᠪᠣᠯᠭᠠᠨ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ   ᠶᠢᠨ ᠬᠡᠮ ᠰᠣᠭᠤᠭ   ᠢ ᠪᠥᠬᠦ ᠬᠦᠴᠦᠨ   ᠢᠶᠠᠷ   ᠢᠶᠠᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠷᠲᠡ ᠪᠠᠶᠢᠴᠠᠭᠠᠵᠤ᠂ ᠡᠷᠲᠡ ᠢᠯᠡᠷᠡᠭᠦᠯᠵᠦ᠂ ᠡᠷᠲᠡ ᠴᠡᠭᠴᠡᠯᠡᠨ ᠵᠠᠰᠠᠵᠤ᠂ ᠡᠷᠲᠡ ᠴᠡᠪᠡᠷᠯᠡᠵᠦ᠂ ᠴᠠᠭᠠᠨ ᠰᠠᠷ᠎ᠠ᠂ ᠢᠯᠠᠩᠭᠤᠶ᠎ᠠ ︽ ᠠᠷᠪᠠᠨ ᠲᠦᠷᠪᠡᠲᠦᠭᠡᠷ ᠡᠪᠦᠯ  ᠤᠨ ᠴᠤᠭᠯᠠᠭᠠᠨ︾ ᠤᠨ ᠬᠤᠭᠤᠴᠠᠭᠠᠨ ᠳᠤ ᠬᠢ ᠠᠶᠤᠯ ᠦᠭᠡᠢ ᠦᠢᠯᠡᠳᠪᠦᠷᠢᠯᠡᠯ ᠤᠨ ᠠᠵᠢᠯ   ᠢ ᠪᠥᠬᠦ ᠬᠦᠴᠦᠨ   ᠢᠶᠠᠷ   ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map