ᠨᠣᠮ ᠪᠢᠴᠢᠭ ᠤᠨ ᠰᠤᠷᠪᠤᠯᠵᠢᠲᠤ ᠠᠶᠠᠯᠠᠯ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ  ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/17
     ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠨᠢᠭᠡ ᠪᠣᠯᠤᠭᠰᠠᠨ ᠤ ᠬᠤᠪᠢ ᠳᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠲᠤ ᠭᠦᠨ ᠵᠤᠵᠠᠭᠠᠨ ᠰᠣᠶᠣᠯ ᠤᠨ ᠠᠴᠢ ᠬᠤᠯᠪᠣᠭᠳᠠᠯ ᠪᠠ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠠᠴᠢᠶᠠᠯᠠᠵᠤ ᠪᠠᠶᠢᠳᠠᠭ᠃ ᠪᠢᠳᠡ ᠽᠦᠩᠽᠢ ᠢᠳᠡᠬᠦ᠂ ᠯᠤᠤᠲᠤ ᠤᠩᠭᠤᠴᠠ ᠤᠷᠤᠯᠳᠤᠬᠤ᠂ ᠰᠤᠶᠢᠬ᠎ᠠ ᠡᠪᠡᠰᠤ ᠡᠯᠭᠦᠬᠦ᠂  ᠲᠤᠩᠷᠤᠶᠢᠲᠤ ᠠᠷᠢᠬᠢ ᠤᠤᠭᠤᠬᠤ ᠵᠠᠩ ᠵᠠᠩᠰᠢᠯ ᠢᠶᠠᠨ ᠤᠯᠠᠮᠵᠢᠯᠠᠨ ᠵᠠᠯᠭᠠᠮᠵᠢᠯᠠᠵᠤ᠂ ᠴᠢᠦᠶ ᠶᠤᠸᠠᠨ ᠢ ᠳᠤᠷᠠᠰᠬᠠᠵᠤ᠂ ᠲᠡᠭᠦᠨ ᠤ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠳᠤᠷᠠᠰᠤᠨ ᠰᠠᠨᠠᠭᠠᠯᠵᠠᠵᠤ᠂ ᠪᠠᠶᠠᠷ ᠤᠨ ᠡᠳᠦᠷ ᠤᠨ ᠵᠠᠩᠰᠢᠯ ᠢᠶᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠨ᠎ᠠ᠃ 2024 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠪᠠᠶᠠᠯᠢᠭ ᠰᠠᠶᠢᠬᠠᠨ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠤᠩᠰᠢᠭᠴᠢᠳ ᠢ ᠨᠡᠶᠢᠲᠡ 3000 ᠭᠠᠷᠤᠶ ᠬᠥᠮᠦᠨ ᠤᠳᠠᠭ᠎ᠠ ᠬᠦᠯᠢᠶᠡᠨ ᠠᠪᠴᠤ᠂ ᠥᠪᠥᠷ ᠮᠣᠩᠭᠤᠯ ᠤᠨ ᠲᠧᠯᠸᠢᠰ ᠬᠤᠷᠢᠶ᠎ᠠ ᠵᠡᠷᠭᠡ ᠣᠯᠠᠨ ᠵᠠᠭᠤᠴᠢᠯᠠᠭᠤᠷ ᠤᠨ ᠬᠢᠨ ᠠᠵᠢᠯᠯᠠᠭ᠎ᠠ ᠶᠢ ᠮᠡᠳᠡᠭᠡᠯᠡᠪᠡ᠃      ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ  ᠸᠢᠴᠠᠲ  ᠲᠠᠪᠴᠠᠩ︾᠂ ︽ᠺᠣᠳ᠋ ᠳᠡᠭᠡᠷᠡᠬᠢ  ᠤᠩᠰᠢᠯᠭ᠎ᠠ ᠶᠢᠨ ᠲᠠᠪᠴᠠᠩ︾ ᠳᠡᠭᠡᠷ᠎ᠡ ︽ᠪᠢᠴᠢᠭ ᠤᠨ ᠦᠨᠦᠷ ᠬᠠᠩᠬᠤᠯᠤᠭᠰᠠᠨ ᠤᠮᠠᠷᠠᠲᠤ ᠬᠢᠯᠢ   ᠽᠦᠩᠽᠢ ᠶᠢᠨ ᠦᠨᠦᠷ ᠬᠠᠩᠬᠤᠯᠤᠭᠰᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠰᠦᠯᠵᠢᠶᠡᠨ ᠳᠡᠭᠡᠷᠡᠬᠢ ᠤᠩᠰᠢᠯᠭ᠎ᠠ ᠶᠢᠨ ᠴᠢᠭᠤᠯᠭᠠᠨ ᠡᠷᠭᠢᠯᠡᠵᠦ᠂ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ · ᠰᠢᠯᠦᠭ ᠳᠠᠭᠤᠯᠠᠯ ᠢ ᠪᠠᠭ᠋ᠠᠷᠬᠠᠨ ᠰᠤᠨᠢᠷᠬᠠᠬᠤ︾ ᠳᠥᠷᠪᠡᠨ ᠤᠯᠠᠷᠢᠯ ᠤᠨ ᠲᠤᠬᠢᠶᠠᠯᠲᠤᠯ ︵ ᠬᠢᠲᠠᠳ ᠠᠩᠭ᠍ᠯᠢ ᠬᠤᠤᠰ ᠬᠡᠯᠡ︶᠂ ᠵᠤᠨ ᠤ ᠬᠤᠭᠤᠰ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ — ᠱᠠᠩᠨᠠᠯᠲᠤ ᠰᠡᠳᠦᠪ ᠬᠠᠷᠢᠭᠤᠯᠬᠤ ᠠᠵᠢᠯᠯᠠᠭ᠎ᠠ᠂ ᠠᠷᠠᠳ ᠤᠨ ᠵᠠᠩ ᠦᠢᠯᠡ ᠶᠢ ᠲᠡᠯᠭᠡᠷᠡᠭᠦᠯᠦᠨ ᠰᠣᠶᠣᠯ ᠤᠨ ᠢᠲᠡᠭᠡᠯ ᠢ ᠤᠯᠠᠮᠵᠢᠯᠠᠬᠤ — ᠤᠯᠠᠮᠵᠢᠯᠠᠯᠲᠤ ᠰᠣᠶᠣᠯ ᠤᠨ ᠮᠡᠳᠡᠯᠭᠡ ᠶᠢ ᠬᠤᠪᠢᠶᠠᠯᠴᠠᠬᠤ ᠠᠵᠢᠯᠯᠠᠭ᠎ᠠ᠂ ᠬᠥᠬᠡ ᠯᠤᠤ ᠵᠢᠯ ᠤᠨ ᠴᠠᠭ ᠤᠨ ᠲᠡᠮᠳᠡᠭᠯᠡᠯ — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠵᠡᠷᠭᠡ ᠰᠦᠯᠵᠢᠶᠡᠨ ᠳᠡᠭᠡᠷᠡᠬᠢ ᠠᠵᠢᠯᠯᠠᠭ᠎ᠠ ᠦᠷᠨᠢᠭᠦᠯᠪᠡ᠃ ᠲᠣᠰ ᠤᠳᠠᠭᠠᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠰᠢᠷᠢᠰ ᠠᠵᠢᠯᠯᠠᠭ᠎ᠠ ᠶᠢᠨ ᠬᠡᠯᠪᠡᠷᠢ ᠨᠢ ᠣᠯᠠᠨ ᠶᠠᠩᠵᠤ᠂ ᠠᠭᠤᠯᠭ᠎ᠠ ᠨᠢ ᠭᠤᠶᠢᠳᠠ ᠰᠠᠶᠢᠬᠠᠨ ᠪᠠᠶᠢᠵᠤ᠂ ᠥᠷᠭᠡᠨ ᠣᠯᠠᠨ ᠲᠦᠮᠡᠨ ᠤ ᠵᠠᠩ  ᠦᠢᠯᠡ ᠶᠢᠨ ᠰᠣᠶᠣᠯ ᠤᠨ ᠲᠤᠬᠠᠶ ᠬᠠᠶᠢᠨ ᠰᠥᠪᠡᠭᠴᠢᠯᠡᠯᠲᠡ ᠪᠠ ᠣᠶᠢᠯᠠᠭᠠᠯᠲᠠ ᠶᠢᠨ ᠬᠠᠯᠠᠭᠤᠨ ᠰᠡᠳᠬᠢᠯᠭᠡ ᠶᠢ ᠳᠠᠶᠢᠴᠢᠯᠠᠨ᠂ ᠪᠥᠬᠦ ᠠᠷᠠᠳ ᠤᠨ ᠤᠩᠰᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠨᠣᠮ ᠢᠯᠡᠭᠦᠤ ᠤᠩᠰᠢᠬᠤ᠂ ᠰᠠᠶᠢᠨ ᠨᠣᠮ ᠤᠩᠰᠢᠬᠤ᠂ ᠨᠣᠮ ᠰᠠᠶᠢᠨ ᠤᠩᠰᠢᠬᠤ ᠠᠭᠤᠷ ᠠᠮᠢᠰᠬᠤᠯ ᠢ ᠪᠣᠶ ᠪᠣᠯᠭᠠᠬᠤ ᠳᠤ ᠢᠳᠡᠪᠬᠢᠲᠡᠶ ᠠᠬᠢᠭᠤᠯᠬᠤ ᠦᠢᠯᠡᠲᠦᠯ ᠦᠵᠡᠭᠦᠯᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map