2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠬᠦᠷᠢᠶᠡᠨ ᠳᠤ ᠬᠢ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠢᠩᠭᠠᠨ ᠠᠶᠢᠮᠠᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2024/6/19
     6 ᠳ᠋ᠤᠭᠠᠷ ᠰᠠᠷ᠎ᠠ ᠶᠢᠨ 3 ᠤ ᠡᠳᠦᠷ᠂ ᠰᠣᠶᠣᠯ ᠵᠢᠭᠤᠯᠴᠢᠯᠠᠯ ᠬᠢᠭᠡᠳ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠲᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠢᠩᠭᠠᠨ ᠠᠶᠢᠮᠠᠭ ᠲᠤ ᠪᠥᠬᠦ ᠣᠷᠣᠨ ᠤ ᠰᠣᠶᠣᠯ ᠵᠢᠭᠤᠯᠴᠢᠯᠠᠯ ᠤᠨ ᠬᠦᠷᠢᠶᠡᠨ ᠳᠤ ᠬᠢ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠪᠠ᠃ ᠡᠯ᠎ᠡ ᠠᠶᠢᠮᠠᠭ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ 60 ᠭᠠᠷᠤᠢ ᠬᠥᠮᠥᠨ ᠬᠤᠷᠠᠯ ᠳᠤ ᠣᠷᠣᠯᠴᠠᠪᠠ᠃      ᠵᠣᠯᠭᠠᠭᠤᠯᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ  ᠳᠤ ᠬᠢ ᠬᠤᠪᠢᠶᠠᠷᠢ ᠪᠠᠩᠬᠢ ᠮᠥᠩᠭᠦᠨ ᠭᠦᠢᠯᠭᠡᠭᠡᠨ ᠢᠶᠠᠷ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠳᠡᠮᠵᠢᠬᠦ ᠦᠢᠯᠡᠴᠢᠯᠡᠭᠡᠨ ᠤ ᠲᠥᠰᠥᠯ ᠢ ᠨᠡᠶᠢᠲᠡᠯᠡᠭᠰᠡᠨ ᠪᠥᠭᠡᠳ ︽ᠲᠠᠷᠢᠶᠠᠯᠠᠩ ᠤᠨ ᠪᠠᠩᠬᠢ ᠶᠢᠨ ᠦᠪᠦᠷ ᠮᠣᠩᠭᠤᠯ ᠤᠨ ᠵᠢᠭᠤᠯᠴᠢᠯᠠᠯ ᠤᠨ ᠵᠢᠭᠡᠯᠡᠯᠭᠡ︾ ᠶᠢᠨ ᠰᠢᠷᠢᠰ ᠬᠠᠮ ᠦᠢᠯᠡᠳᠬᠦᠨ ᠭᠠᠷᠭᠠᠵᠤ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠰᠣᠶᠣᠯ ᠵᠢᠭᠤᠯᠴᠢᠯᠠᠯ ᠤᠨ ᠲᠥᠷᠥᠯ ᠵᠦᠢᠯ · ᠡᠵᠡᠩᠨᠡᠯᠲᠡ ᠶᠢᠨ ᠬᠠᠮ ᠵᠢᠭᠡᠯᠡᠯᠭᠡ ᠭᠠᠷᠭᠠᠵᠤ᠂ ᠳᠤᠮᠳᠠᠳᠤ ᠤᠯᠤᠰ ᠤᠨ ᠪᠠᠩᠬᠢ ︽ᠾᠦᠢ ᠷᠦ ᠶᠤᠸᠠᠨ · ᠰᠣᠶᠣᠯ ᠤᠨ ᠵᠢᠭᠤᠯᠴᠢᠯᠠᠯ ᠤᠨ ᠵᠢᠭᠡᠯᠡᠯᠭᠡ︾ ᠵᠡᠷᠭᠡ ᠣᠨᠴᠠᠯᠢᠭᠲᠤ ᠰᠣᠶᠣᠯ ᠵᠢᠭᠤᠯᠴᠢᠯᠠᠯ ᠤᠨ ᠵᠢᠭᠡᠯᠡᠯᠭᠡ ᠶᠢᠨ ᠦᠢᠯᠡᠳᠬᠦᠨ ᠭᠠᠷᠭᠠᠪᠠ᠃ ᠡᠯ᠎ᠡ ᠠᠶᠢᠮᠠᠭ ᠬᠤᠲᠠ ᠶᠢᠨ ᠲᠠᠨᠢᠯᠴᠠᠭᠤᠯᠤᠭᠰᠠᠨ 7  ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠪᠡᠯᠡ ᠲᠣᠬᠢᠷᠠᠭᠤᠯᠭ᠎ᠠ ᠶᠢᠨ ᠲᠥᠷᠥᠯ ᠵᠦᠢᠯ ᠢ ᠲᠠᠨᠢᠯᠴᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠪᠣᠳᠠᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠪᠠ᠃ ᠪᠠᠩᠬᠢ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠢᠶᠠᠷ ᠰᠠᠭᠤᠷᠢ ᠪᠣᠯᠭᠠᠨ ᠭᠦᠨᠵᠡᠭᠡᠢ ᠵᠣᠯᠭᠠᠭᠤᠯᠵᠤ᠂ ᠥᠪᠥᠷ ᠮᠣᠩᠭᠤᠯ ᠤᠨ ᠤᠯᠠᠭᠠᠨ ᠲᠢᠶᠠᠲᠷ ᠤᠷᠠᠨ ᠰᠠᠶᠢᠬᠠᠨ ᠤ ᠪᠦᠯᠦᠭᠯᠡᠯ ᠵᠡᠷᠭᠡ ᠠᠵᠤ ᠠᠬᠤᠶᠢᠯᠠᠯ ᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠪᠡᠯᠡ ᠲᠣᠬᠢᠷᠠᠭᠤᠯᠬᠤ ᠰᠠᠨᠠᠮᠵᠢ ᠲᠠᠢ ᠪᠣᠯᠪᠠ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠤ  ᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠤ ᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠳᠤ ᠬᠢ ᠬᠤᠪᠢᠶᠠᠷᠢ ᠪᠠᠩᠬᠢ ᠵᠡᠷᠭᠡ ᠭᠤᠷᠪᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map