ᠪᠠᠶᠠᠷ ᠤᠨ ᠡᠳᠦᠷ ᠤᠨ ᠠᠭᠤᠷ ᠠᠮᠢᠰᠬᠤᠯ ᠪᠢᠯᠬᠠᠨ ᠽᠦᠩᠽᠢ ᠶᠢᠨ ᠦᠨᠦᠷ ᠬᠠᠩᠬᠤᠯᠤᠭᠰᠠᠨ ᠴᠡᠯᠡᠭᠡᠷ ᠲᠠᠯ᠎ᠠ
ᠨᠡᠶᠢᠲᠡᠯᠡᠭᠰᠡᠨ ᠴᠠᠭ᠄
2024/6/19
     ᠪᠠᠶᠠᠷ ᠤᠨ ᠡᠳᠦᠷ ᠤᠨ ᠠᠭᠤᠷ ᠠᠮᠢᠰᠬᠤᠯ ᠪᠢᠯᠬᠠᠨ ᠽᠦᠩᠽᠢ ᠶᠢᠨ ᠦᠨᠦᠷ ᠬᠠᠩᠬᠤᠯᠵᠤ᠂  ᠴᠡᠯᠡᠭᠡᠷ ᠲᠠᠯ᠎ᠠ  ᠳᠤ ᠪᠠᠨ ᠮᠤᠷᠢ ᠲᠤᠪᠲᠤᠯᠭᠠᠨ ᠲᠠᠭᠤᠤ ᠪᠠᠨ ᠬᠠᠩᠭᠢᠨᠠᠭᠤᠯᠤᠨ᠎ᠠ᠃ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠨᠣᠭᠤᠭᠠᠨ ᠥᠩᠭᠡ ᠪᠠᠷ ᠲᠠᠪᠴᠠᠩ ᠪᠣᠯᠭᠠᠨ  ᠭᠤᠶᠢᠲᠠ ᠰᠠᠶᠢᠬᠠᠨ ᠳᠠᠭᠤᠤ ᠪᠥᠵᠢᠭ ᠤᠨ ᠲᠣᠭᠯᠠᠯᠲᠠ ᠪᠠᠷ ᠢᠶᠠᠨ  ︽ᠴᠡᠯᠡᠭᠡᠷ ᠲᠠᠯ᠎ᠠ︾ ᠪᠠᠨ ᠴᠢᠮᠡᠭᠯᠡᠵᠦ᠂ ᠰᠣᠶᠣᠯ ᠵᠢᠭᠤᠯᠴᠢᠯᠠᠯ ᠤᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ  ᠨᠡᠮᠡᠷᠢᠯᠡᠨ᠎ᠡ᠃      ᠮᠤᠩᠭᠤᠯ ᠭᠡᠷ᠂ ᠬᠠᠰᠠᠭ ᠲᠡᠷᠭᠡ᠂ ᠲᠠᠯ᠎ᠠ ᠨᠤᠲᠤᠭ᠂ ᠠᠳᠤᠭᠤᠴᠢᠨ ᠁ ᠤᠷᠲᠤ ᠶᠢᠨ ᠳᠠᠭᠤᠤ ᠬᠠᠩᠭᠢᠨᠠᠮ᠎ᠠ ᠴᠤᠤᠷᠢᠶᠠᠲᠤᠨ᠂ ᠤᠷᠠᠨ ᠰᠠᠶᠢᠬᠠᠨ ᠲᠠᠭᠤᠤ ᠪᠦᠵᠢᠭ ᠴᠡᠯᠡᠭᠡᠷ ᠲᠠᠯ᠎ᠠ ᠳᠤ ᠲᠡᠯᠭᠡᠭᠲᠡᠨ᠎ᠡ᠃  ᠤᠯᠠᠭᠠᠨᠮᠦ᠋ᠴᠢᠷ ᠤᠨ ᠭᠡᠰᠢᠭᠦᠳ ᠭᠤᠶᠢᠳᠠ ᠰᠠᠶᠢᠬᠠᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ᠂ ᠨᠠᠷᠢᠨ ᠨᠢᠮᠪᠠᠶ ᠨᠠᠶᠢᠷᠠᠭᠤᠯᠤᠭᠰᠠᠨ ᠥᠯᠢᠭᠡᠷ ᠦᠢᠯᠡ ᠶᠠᠪᠤᠳᠠᠯ ᠢᠶᠠᠷ ᠳᠠᠮᠵᠢᠭᠤᠯᠤᠨ᠂ ᠮᠣᠷᠢᠨ ᠬᠤᠭᠤᠷ᠂ ᠤᠷᠲᠤ ᠶᠢᠨ ᠳᠠᠭᠤᠤ᠂ ᠬᠦᠭᠡᠮᠡᠢ᠂ ᠳᠠᠭᠤᠤ ᠪᠥᠵᠢᠭ ᠤᠨ ᠲᠣᠭᠯᠠᠯᠲᠠ ᠪᠠᠨ ᠡᠷᠭᠦᠨ᠂ ᠤᠯᠠᠭᠠᠨᠮᠥ᠋ᠴᠢᠷ ᠤᠨ ᠭᠡᠰᠢᠭᠦᠳ ᠤᠨ ᠮᠠᠯᠴᠢᠨ ᠲᠠᠷᠢᠶᠠᠴᠢᠨ ᠤ ᠠᠮᠢᠳᠤᠷᠠᠯ ᠳᠤ ᠭᠦᠨᠵᠡᠭᠡᠶᠢᠷᠡᠭᠰᠡᠨ ᠬᠠᠯᠠᠭᠤᠨ ᠳᠤᠯᠠᠭᠠᠨ ᠦᠵᠡᠭᠳᠡᠯ ᠢ ᠢᠯᠡᠷᠡᠭᠦᠯᠪᠡ᠃      ᠬᠥᠬᠡᠮᠳᠦᠭ ᠲᠡᠭᠷᠢ ᠶᠢᠨ ᠲᠤᠤᠷ᠎ᠠ  ᠬᠦᠬᠡ ᠡᠪᠡᠰᠦᠨ ᠳᠤ ᠠᠳᠤᠭᠤ ᠮᠠᠯ ᠪᠡᠯᠴᠢᠨ᠂ ᠭᠤᠶᠢᠲᠠ ᠰᠠᠶᠢᠬᠠᠨ‌‍ᠲ᠋ᠠᠭᠤᠤ ᠪᠥᠵᠢᠭ ᠤᠷᠴᠢᠨ ᠢᠶᠠᠨ ᠲᠤᠭᠤᠷᠢᠨ ᠪᠦᠷᠭᠦᠵᠦ᠂ ᠲᠠᠯ᠎ᠠ ᠨᠤᠲᠤᠭ ᠲᠤ ᠡᠪᠡᠰᠦ ᠬᠥᠬᠡᠷᠡᠨ ᠮᠢᠷᠠᠯᠵᠠᠵᠤ᠂ ᠤᠪᠤᠭᠠᠨ ᠤ ᠠᠭᠤᠯᠵᠠᠯᠲᠠ ᠤᠭᠲᠠᠷᠭᠤᠢ ᠶᠢᠨ ᠰᠠᠷᠠ ᠶᠢ ᠢᠴᠢᠭᠡᠨ᠎ᠡ᠃ ᠬᠠᠳᠠᠭ ᠡᠷᠭᠦᠬᠦ᠂ ᠵᠢᠭᠤᠯᠴᠢᠯᠠᠭᠴᠢᠳ ᠢ ᠤᠷᠢᠵᠤ ᠬᠠᠮᠲᠤ ᠪᠦᠵᠢᠭᠯᠡᠬᠦ ᠵᠡᠷᠭᠡ ᠪᠦᠲᠦᠭᠡᠯᠴᠢ ᠦᠢᠯᠡᠳᠦᠯᠴᠡᠯ ᠤᠨ ᠠᠵᠢᠯᠯᠠᠭ᠎ᠠ᠂ ᠵᠢᠭᠤᠯᠴᠢᠯᠠᠭᠴᠢᠳ ᠤᠨ ᠪᠡᠶᠡᠴᠢᠯᠡᠨ ᠦᠩᠭᠡᠷᠡᠯᠲᠡ ᠶᠢ ᠪᠠᠶᠠᠯᠢᠭᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠵᠦ᠂ ᠮᠠᠷᠲᠠᠭᠳᠠᠰᠢ ᠦᠭᠡᠢ ᠤᠮᠠᠷᠠᠲᠤ ᠬᠢᠯᠢ ᠶᠢᠨ ᠳᠤᠷᠠᠰᠤᠮᠵᠢ ᠶᠢ ᠬᠠᠮᠲᠤ ᠪᠠᠷ  ᠵᠢᠷᠤᠭᠯᠠᠪᠠ  ᠃
 
ᠢᠷᠡᠯᠲᠡ᠄ ᠬᠥᠬᠡᠬᠤᠲᠠ ᠶᠢᠨ ᠤᠯᠠᠭᠠᠨᠮᠥ᠋ᠴᠢᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map