ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠨᠢ ᠬᠥᠬᠡᠬᠤᠲᠠ ᠳᠤ ᠮᠠᠯᠲᠠᠵᠤ ᠭᠠᠷᠭᠠᠭᠰᠠᠨ ᠲᠡᠤᠬᠡ ᠶᠢᠨ ᠳᠤᠷᠠᠰᠬᠠᠯᠲᠤ ᠵᠦᠢᠯ ᠢ 521ᠵᠦᠢᠯ ︵ᠢᠵᠢ︶  ᠰᠢᠯᠵᠢᠭᠦᠯᠦᠨ ᠲᠤᠰᠢᠶᠠᠪᠠ
ᠨᠡᠶᠢᠲᠡᠯᠡᠭᠰᠡᠨ ᠴᠠᠭ᠄
2024/6/7
     5 ᠳ᠋ᠤᠭᠠᠷ ᠰᠠᠷ᠎ᠠ ᠶᠢᠨ 18 ᠤ ᠡᠳᠦᠷ᠂ ᠬᠥᠬᠡᠬᠤᠲᠠ ᠶᠢᠨ ︽5 · 18 ᠣᠯᠠᠨ ᠤᠯᠤᠰ ᠤᠨ ᠮᠦᠽᠧᠶ ᠶᠢᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ  ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠨᠢ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶ ᠲᠠᠢ ︽ᠮᠦᠽᠧᠶ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠵᠢᠴᠢ ᠲᠡᠤᠬᠡ ᠶᠢᠨ ᠳᠤᠷᠠᠰᠬᠠᠯᠲᠤ ᠵᠦᠢᠯᠡᠰ ᠢ ᠰᠢᠯᠵᠢᠭᠦᠯᠦᠨ ᠲᠤᠰᠢᠶᠠᠬᠤ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠨᠢ ᠥᠩᠭᠡᠷᠡᠭᠰᠡᠨ ᠵᠢᠯ ᠤᠳ ᠲᠤ ᠢᠯᠡᠷᠡᠭᠦᠯᠦᠭᠰᠡᠨ 521 ᠵᠦᠢᠯ ᠤᠨ ︵ᠢᠵᠢ︶ ᠲᠡᠤᠬᠡ ᠶᠢᠨ ᠳᠤᠷᠠᠰᠬᠠᠯᠲᠤ ᠵᠦᠢᠯᠡᠰ ᠢ ᠬᠥᠬᠡᠬᠤᠲᠠ ᠶᠢᠨ ᠰᠣᠶᠣᠯ  ᠦᠵᠡᠰᠬᠦᠯᠡᠩ ᠤᠨ ᠲᠠᠯᠠᠪᠠᠶ ᠳᠤ ᠰᠢᠯᠵᠢᠭᠦᠯᠦᠨ ᠲᠤᠰᠢᠶᠠᠵᠤ ᠥᠭᠪᠡ᠃      ᠡᠨᠡ ᠨᠢ ᠲᠤᠰ ᠵᠢᠯ ᠤᠨ 4 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠠᠩᠬ᠎ᠠ ᠤᠳᠠᠭ᠎ᠠ ᠬᠠᠷᠢᠶ᠎ᠠ ᠭᠠᠵᠠᠷ ᠲᠤ ᠮᠠᠯᠲᠠᠵᠤ ᠭᠠᠷᠭᠠᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠢ ᠰᠢᠯᠵᠢᠭᠦᠯᠦᠨ ᠲᠤᠰᠢᠶᠠᠭᠰᠠᠨ ᠤ ᠳᠠᠷᠠᠭ᠎ᠠ ᠂ ᠳᠠᠬᠢᠨᠲᠠ ᠶᠡᠭᠡ ᠬᠡᠪᠴᠢᠶ᠎ᠡ ᠪᠠᠷ ᠮᠠᠯᠲᠠᠵᠤ ᠭᠠᠷᠭᠠᠭᠰᠠᠨ ᠲᠡᠤᠬᠡ ᠶᠢᠨ ᠳᠤᠷᠠᠰᠬᠠᠯᠲᠤ ᠵᠦᠢᠯᠡᠰ ᠢ ᠰᠢᠯᠵᠢᠭᠦᠯᠦᠨ ᠲᠤᠰᠢᠶᠠᠵᠤ ᠪᠠᠶᠢᠭ᠎ᠠ ᠠᠵᠢᠯᠯᠠᠭ᠎ᠠ ᠪᠣᠯᠤᠨ᠎ᠠ᠃ ᠲᠣᠰ ᠤᠳᠠᠭ᠎ᠠ ᠰᠢᠯᠵᠢᠭᠦᠯᠦᠨ ᠲᠤᠰᠢᠶᠠᠭᠰᠠᠨ 521 ᠵᠦᠢᠯ ᠤᠨ ︵ᠢᠵᠢ︶ ᠲᠡᠤᠬᠡ ᠶᠢᠨ ᠳᠤᠷᠠᠰᠬᠠᠯᠲᠤ ᠵᠦᠢᠯᠡᠰ ᠨᠢ ᠵᠡᠰ ᠬᠡᠷᠡᠭᠰᠡᠯ᠂ ᠴᠢᠯᠠᠭᠤᠨ ᠬᠡᠷᠡᠭᠰᠡᠯ᠂ ᠸᠠᠭᠠᠷ ᠬᠡᠷᠡᠭᠰᠡᠯ ᠵᠡᠷᠭᠡ ᠶᠢ ᠪᠠᠭᠲᠠᠭᠠᠵᠤ᠂ ᠬᠥᠬᠡᠬᠤᠲᠠ ᠶᠢᠨ ᠮᠦᠽᠧᠶ᠂ ᠬᠤᠷᠢᠨᠭᠡᠷ ᠰᠢᠶᠠᠨ ᠤ ᠱᠧᠩ ᠯᠧ ᠮᠦᠽᠧᠶ ᠵᠡᠷᠭᠡ ᠬᠥᠬᠡᠬᠤᠲᠠ ᠶᠢᠨ ᠰᠣᠶᠣᠯ ᠦᠵᠡᠰᠬᠦᠯᠡᠩ ᠤᠨ ᠲᠠᠯᠠᠪᠠᠶ ᠣᠷᠳᠣᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠶᠡᠭᠡ ᠬᠡᠮᠵᠢᠶ᠎ᠡ ᠪᠠᠷ  ᠡᠯᠪᠡᠭᠵᠢᠭᠦᠯᠬᠦ ᠨᠢ ᠯᠠᠪᠲᠠᠶ ᠶᠤᠮ᠃      ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠨᠢ ᠤᠮᠠᠷᠠᠲᠤ ᠬᠢᠯᠢ ᠶᠢᠨ ᠬᠠᠭᠤᠴᠢ ᠰᠤᠳᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠥᠪ ᠤᠨ ᠶᠡᠭᠡ ᠬᠠᠮᠠᠭᠠᠯᠠᠯᠲᠠ ᠶᠢᠨ ᠪᠠᠶᠢᠷᠢᠰᠢᠯ ᠢ ᠪᠠᠶᠢᠭᠤᠯᠵᠤ᠂ ᠪᠦᠬᠦ ᠣᠷᠣᠨ ᠤ ᠮᠦᠽᠧᠶ ᠶᠢᠨ ᠳᠡᠯᠭᠡᠨ ᠦᠵᠡᠭᠦᠯᠬᠦ᠂ ᠬᠠᠳᠠᠭᠠᠯᠠᠵᠤ ᠪᠠᠶᠢᠭ᠎ᠠ ᠪᠣᠳᠠᠰ ᠤᠨ ᠰᠤᠳᠤᠯᠭᠠᠨ᠂ ᠰᠤᠷᠭᠠᠨ ᠬᠥᠮᠦᠵᠢᠯ ᠤᠨ ᠳᠠᠮᠵᠢᠭᠤᠯᠭ᠎ᠠ ᠵᠡᠷᠭᠡ ᠠᠵᠢᠯ ᠢ ᠶᠡᠭᠡ ᠪᠠᠷ ᠳᠠᠮᠵᠢᠵᠤ᠂ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠥᠮᠥᠷᠭᠡ ᠠᠴᠠ ᠭᠠᠷᠭᠠᠵᠤ᠂ ᠥᠷᠭᠡᠨ ᠣᠯᠠᠨ ᠲᠦᠮᠡᠨ ᠤ ᠲᠡᠶᠢᠰᠢ ᠬᠠᠨᠳᠤᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠡᠦᠬᠡ᠂ ᠰᠣᠶᠣᠯ ᠪᠠ ᠤᠷᠠᠯᠢᠭ ᠤᠨ ᠥᠷᠲᠡᠭ ᠢ ᠭᠦᠢᠴᠡᠳ ᠢᠯᠡᠷᠡᠭᠦᠯᠵᠦ᠂ ᠡᠷᠲᠡᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠤᠳᠤ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ︽ᠬᠥᠳᠡᠯᠭᠡᠵᠦ︾᠂ ︽ᠠᠮᠢᠳᠤᠯᠢᠭ︾ ᠪᠣᠯᠭᠠᠵᠤ᠂ ᠥᠪᠥᠷ ᠮᠣᠩᠭᠤᠯ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map