2024 ᠣᠨ ᠤ 5 ᠳ᠋ᠤᠭᠠᠷ ᠰᠠᠷ᠎ᠠ ᠶᠢᠨ 18 ᠤ ᠡᠳᠦᠷ᠂ 48 ᠳ᠋ᠤᠭᠠᠷ 5.18 ᠤ ᠣᠯᠠᠨ ᠤᠯᠤᠰ ᠤᠨ | ᠮᠦᠽᠧᠢ ᠶᠢᠨ ᠡᠳᠦᠷ ᠤᠨ ᠳᠤᠮᠳᠠᠳᠤ ᠤᠯᠤᠰ ᠤᠨ ᠭᠤᠣᠯ ᠬᠤᠷᠠᠯ ᠤᠨ ᠲᠠᠯᠠᠪᠠᠶ ᠶᠢᠨ ᠠᠵᠢᠯᠯᠠᠭ᠎ᠠ ᠱᠠᠨᠰᠢ ᠮᠤᠵᠢ ᠶᠢᠨ | ᠰᠢ ᠠᠨ ᠬᠤᠲᠠ ᠳᠤ ᠶᠠᠪᠤᠭᠳᠠᠵᠤ᠂ ᠮᠠᠨ ᠤ ᠣᠷᠣᠨ ᠤ ᠮᠦᠽᠧᠢ ᠣᠯᠠᠨ ᠵᠦᠢᠯ ᠤᠨ ᠤᠯᠤᠰ ᠤᠨ ᠲᠠᠰ ᠤᠨ ᠲᠣᠮᠣ | ᠱᠠᠩᠨᠠᠯ ᠢ ᠢᠷᠠᠭᠤ ᠠᠯᠳᠠᠷᠲᠠᠢ ᠪᠠᠷ ᠭᠥᠷᠳᠡᠪᠡ᠃ | ᠨᠢᠭᠡ ᠳᠤ᠂ ᠥᠪᠥᠷ ᠮᠣᠩᠭᠤᠯ ᠤᠨ ᠮᠦᠽᠧᠢ 2024 ᠣᠨ ᠤ ︽ᠪᠥᠬᠦ ᠤᠯᠤᠰ ᠤᠨ ᠬᠠᠮᠤᠭ ᠤᠨ ᠰᠢᠨ᠎ᠡ ᠶᠢ | ᠡᠭᠦᠳᠬᠦ ᠬᠦᠴᠦᠨ ᠲᠠᠢ ᠮᠦᠽᠧᠢ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠡᠨᠡ ᠤᠳᠠᠭ᠎ᠠ | ᠰᠣᠩᠭᠤᠭᠳᠠᠭᠰᠠᠨ ᠨᠢ ᠥᠪᠥᠷ ᠮᠣᠩᠭᠤᠯ ᠤᠨ ᠮᠦᠽᠧᠢ ᠪᠥᠬᠦ ᠤᠯᠤᠰ ᠤᠨ ᠮᠦᠽᠧᠢ ᠶᠢᠨ ᠨᠢᠭᠡᠳᠦᠭᠡᠷ | ᠵᠢᠭᠰᠠᠭᠠᠯ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | ᠬᠤᠶᠠᠷ ᠲᠤ᠂ ᠥᠪᠥᠷ ᠮᠣᠩᠭᠤᠯ ᠤᠨ 6 ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠳᠤ | ᠳᠡᠪᠰᠢᠭᠦᠯᠪᠡ᠃ ᠥᠭᠡᠷ᠎ᠡ ᠪᠠᠷ ᠬᠡᠯᠡᠪᠡᠯ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ᠂ ᠬᠥᠬᠡᠬᠤᠲᠠ ᠶᠢᠨ ᠮᠦᠽᠧᠢ | ᠂ ᠢᠯᠢ ᠶᠢᠨ ᠲᠠᠯ᠎ᠠ ᠨᠤᠲᠤᠭ ᠤᠨ ᠰᠦᠨ ᠤ ᠰᠣᠶᠣᠯ ᠤᠨ ᠮᠦᠽᠧᠢ᠂ ᠪᠤᠭᠤᠲᠤ ᠶᠢᠨ ᠮᠦᠽᠧᠢ᠂ ᠬᠥᠯᠥᠨ ᠪᠤᠶᠢᠷ ᠤᠨ | ᠮᠦᠽᠧᠢ᠂ ᠠᠯᠠᠱᠠ ᠶᠢᠨ ᠮᠦᠽᠧᠢ ᠵᠡᠷᠭᠡ ᠪᠣᠯᠣᠨ᠎ᠠ᠂ ᠲᠠᠰ ᠳᠡᠪᠰᠢᠭᠰᠡᠨ ᠲᠤᠭ᠎ᠠ ᠨᠢ ᠪᠥᠬᠦ ᠤᠯᠤᠰ ᠲᠤ | ᠲᠠᠪᠤᠳᠤᠭᠠᠷ ᠲᠤ ᠣᠷᠣᠨ᠎ᠠ᠃ | ᠭᠤᠷᠪᠠ ᠳᠤ᠂ ᠣᠷᠳᠣᠰ ᠬᠤᠳᠠ ᠶᠢᠨ ᠮᠦᠽᠧᠢ ᠶᠢᠨ ︽ᠬᠠᠳᠤᠨ ᠭᠤᠣᠯ ᠲᠠᠯ᠎ᠠ ᠨᠤᠲᠤᠭ ᠢᠶᠠᠷ ᠤᠷᠤᠰᠤᠨ | ᠥᠩᠭᠡᠷᠡᠨ᠎ᠡ ︱ ᠣᠷᠳᠣᠰ ᠤᠨ ᠲᠡᠦᠬᠡ ᠰᠣᠶᠣᠯ ᠤᠨ ᠦᠵᠡᠭᠦᠯᠭᠡ︾ ᠪᠦᠬᠦ ᠤᠯᠤᠰ ᠤᠨ ᠮᠦᠽᠧᠢ ᠶᠢᠨ ᠠᠷᠪᠠᠨ | ᠶᠡᠭᠡ ᠦᠵᠡᠭᠦᠯᠭᠡ ᠶᠢᠨ ᠰᠣᠳᠣᠨ ᠪᠦᠲᠦᠭᠡᠯ ᠤᠨ ᠱᠠᠩᠨᠠᠯ ᠳᠤ ᠰᠣᠩᠭᠤᠭᠳᠠᠵᠠᠢ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ 3 ᠦᠵᠡᠰᠬᠦᠯᠡᠩ ᠪᠦᠬᠦ ᠤᠯᠤᠰ ᠤᠨ ᠮᠦᠽᠧᠢ ᠶᠢᠨ ᠠᠷᠪᠠᠨ ᠶᠡᠭᠡ | ᠦᠵᠡᠭᠦᠯᠭᠡ ᠶᠢᠨ ᠰᠣᠳᠣᠨ ᠪᠦᠲᠦᠭᠡᠯ ᠤᠨ ᠨᠡᠷᠡᠰ ᠲᠤ ᠰᠣᠩᠭᠤᠭᠳᠠᠪᠠ᠃ |