︽ᠮᠦᠽᠧᠢ ᠶᠢᠨ ᠳᠦᠷᠢᠮ︾ ᠪᠣᠯᠣᠨ ︽ᠮᠦᠽᠧᠢ ᠶᠢᠨ ᠳᠡᠰ ᠢ ᠦᠨᠡᠯᠡᠨ ᠵᠢᠱᠢᠬᠦ ᠠᠷᠭ᠎ᠠ︾ ᠶᠢᠨ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠤᠯᠤᠰ ᠤᠨ ᠮᠦᠽᠧᠢ ᠶᠢᠨ ᠨᠡᠶᠢᠭᠡᠮᠯᠢᠭ | ᠲᠠᠪᠤᠳᠤᠭᠠᠷ ᠪᠦᠯᠦᠭ ᠤᠨ ᠪᠦᠬᠦ ᠤᠯᠤᠰ ᠤᠨ ᠮᠦᠽᠧᠢ ᠶᠢᠨ ᠳᠡᠰ ᠢ ᠦᠨᠡᠯᠡᠨ ᠵᠢᠱᠢᠬᠦ ᠳᠤᠮᠳᠠ ᠨᠢᠭᠡᠳᠦᠭᠡᠷ ᠳᠡᠰ ᠤᠨ | ᠮᠦᠽᠧᠢ ᠶᠢ ᠦᠨᠡᠯᠡᠨ ᠵᠢᠱᠢᠬᠦ ᠠᠵᠢᠯ ᠢ ᠪᠡᠶᠡᠯᠡᠭᠦᠯᠵᠦ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ | ᠲᠣᠪᠴᠢᠶ᠎ᠠ ᠪᠠᠷ ᠵᠥᠪᠰᠢᠶᠡᠷᠡᠭᠦᠯᠦᠭᠡᠳ᠂ ᠦᠨᠡᠯᠡᠨ ᠵᠢᠱᠢᠭᠰᠡᠨ ᠳ᠋ᠦᠩ ᠢ 5.18 ᠤ ᠣᠯᠠᠨ ᠤᠯᠤᠰ ᠤᠨ ᠮᠦᠽᠧᠢ | ᠶᠢᠨ ᠡᠳᠦᠷ ᠤᠨ ᠳᠤᠮᠳᠠᠳᠤ ᠤᠯᠤᠰ ᠤᠨ ᠭᠤᠣᠯ ᠬᠤᠷᠠᠯ ᠤᠨ ᠲᠠᠯᠠᠪᠠᠶ ᠳᠤ ᠨᠡᠶᠢᠲᠡᠯᠡᠭᠰᠡᠨ ᠪᠠᠶᠢᠨ᠎ᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠪᠥᠷ ᠮᠣᠩᠭᠤᠯ ᠤᠨ ᠪᠠᠶᠢᠭᠠᠯᠢ ᠶᠢᠨ ᠮᠦᠽᠧᠢ᠂ ᠬᠥᠬᠡᠬᠤᠲᠠ ᠶᠢᠨ | ᠮᠦᠽᠧᠢ᠂ ᠢᠯᠢ ᠶᠢᠨ ᠲᠠᠯ᠎ᠠ ᠨᠤᠲᠤᠭ ᠤᠨ ᠰᠦᠨ ᠤ ᠰᠣᠶᠣᠯ ᠤᠨ ᠮᠦᠽᠧᠢ᠂ ᠪᠤᠭᠤᠲᠤ ᠶᠢᠨ ᠮᠦᠽᠧᠢ᠂ ᠬᠥᠯᠥᠨ | ᠪᠤᠶᠢᠷ ᠤᠨ ᠮᠦᠽᠧᠢ᠂ ᠠᠯᠠᠱᠠ ᠶᠢᠨ ᠮᠦᠽᠧᠢ ᠵᠡᠷᠭᠡ 6 ᠮᠦᠽᠧᠢ ᠤᠯᠤᠰ ᠤᠨ ᠨᠢᠭᠡᠳᠦᠭᠡᠷ ᠳᠡᠰ ᠤᠨ ᠮᠦᠽᠧᠢ ᠶᠢᠨ | ᠨᠡᠷᠡᠰ ᠤᠨ ᠵᠢᠭᠰᠠᠭᠠᠯᠲᠠ ᠳᠤ ᠪᠠᠭᠲᠠᠭᠰᠠᠨ ᠪᠠᠶᠢᠨ᠎ᠠ᠃ | | ᠲᠣᠰ ᠤᠳᠠᠭ᠎ᠠ ᠥᠪᠥᠷ ᠮᠣᠩᠭᠤᠯ ᠨᠡᠶᠢᠲᠡ 9 ᠮᠦᠽᠧᠢ ᠶᠢ ᠨᠢᠭᠡᠳᠦᠭᠡᠷ ᠳᠡᠰ ᠤᠨ ᠮᠦᠽᠧᠢ ᠪᠠᠷ | ᠭᠤᠶᠤᠴᠢᠯᠠᠨ ᠮᠡᠳᠡᠭᠦᠯᠵᠦ᠂ ᠭᠤᠶᠤᠴᠢᠯᠠᠨ ᠮᠡᠳᠡᠭᠦᠯᠦᠭᠰᠡᠨ ᠠᠮᠵᠢᠯᠲᠠ ᠣᠯᠣᠭᠰᠠᠨ ᠨᠣᠷᠮ᠎ᠠ ᠨᠢ 66.6% ᠪᠠᠶᠢᠵᠤ᠂ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠣᠲᠣ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠢᠭᠡᠳᠦᠭᠡᠷ ᠳᠡᠰ ᠤᠨ ᠮᠦᠽᠧᠢ ᠶᠢᠨ ᠲᠤᠭ᠎ᠠ 9 ᠪᠣᠯᠵᠤ᠂ ᠪᠥᠬᠦ ᠤᠯᠤᠰ ᠤᠨ ᠡᠯ᠎ᠡ ᠮᠤᠵᠢ ᠣᠷᠣᠨ | ᠬᠤᠲᠠ ᠳᠤ 14 ᠳ᠋ᠤᠭᠡᠷ ᠲᠤ ᠵᠢᠭᠰᠠᠭᠠᠭᠳᠠᠵᠤ᠂ ᠳᠤᠮᠳᠠᠳᠤ ᠤᠷᠤᠰᠬᠠᠯ ᠳᠤ ᠠᠮᠵᠢᠯᠲᠠ ᠲᠠᠢ ᠪᠠᠷ ᠣᠷᠣᠭᠰᠠᠨ | ᠪᠠᠶᠢᠨ᠎ᠠ᠃ ᠥᠪᠥᠷ ᠮᠣᠩᠭᠤᠯ ᠤᠨ 9 ᠨᠢᠭᠡᠳᠦᠭᠡᠷ ᠳᠡᠰ ᠤᠨ ᠮᠦᠽᠧᠢ ᠪᠣᠯ ᠪᠦᠷᠢᠳᠬᠡᠨ ᠳᠠᠩᠰᠠᠯᠠᠭᠤᠯᠤᠭᠰᠠᠨ | ᠮᠦᠽᠧᠢ ᠶᠢᠨ ᠳᠣᠲᠣᠷᠠᠬᠢ ︽ᠳᠠᠭᠠᠭᠤᠯᠤᠭᠴᠢ︾ ᠪᠣᠯᠣᠨ᠎ᠠ᠂ ᠶᠡᠷᠦᠩᠬᠡᠶᠢᠯᠡᠭᠰᠡᠨ ᠣᠷᠣᠨ ᠨᠤᠲᠤᠭ ᠤᠨ ᠣᠶᠢᠯᠠᠯᠭ᠎ᠠ᠂ | ᠲᠡᠦᠬᠡ ᠰᠣᠶᠣᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠡᠷᠭᠡ ᠤᠯᠠᠨ ᠰᠡᠳᠦᠪ ᠤᠨ ᠲᠦᠷᠦᠯ | ᠵᠦᠢᠯ ᠢ ᠪᠠᠭᠲᠠᠭᠠᠵᠤ᠂ ᠥᠪᠥᠷ ᠮᠣᠩᠭᠤᠯ ᠤᠨ ᠮᠦᠽᠧᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠰᠠᠶᠢᠬᠠᠨ | ᠪᠠᠶᠢᠳᠠᠯ ᠢ ᠭᠦᠢᠴᠡᠳ ᠲᠤᠰᠬᠠᠵᠤ᠂ ᠪᠦᠬᠦ ᠣᠷᠣᠨ ᠤ ᠮᠦᠽᠧᠢ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ | ᠳᠠᠭᠠᠭᠤᠯᠵᠤ ᠳᠠᠶᠢᠴᠢᠯᠠᠬᠤ᠂ ᠠᠷᠠᠳ ᠲᠦᠮᠡᠨ ᠤ ᠤᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠵᠡᠷᠭᠡ | ᠲᠠᠯ᠎ᠠ ᠪᠠᠷ ᠴᠢᠬᠤᠯᠠ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠪᠡ᠃ |