ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ︽ᠤᠷᠠᠯᠢᠭ ᠢ ᠬᠠᠶᠢᠷᠠᠯᠠᠵᠤ ᠠᠮᠢᠳᠤᠷᠠᠯ ᠢᠶᠠᠨ ᠬᠠᠶᠢᠷᠠᠯᠠᠬᠤ︾ ᠪᠥᠬᠦ ᠠᠷᠠᠳ ᠲᠤ ᠤᠷᠠᠯᠢᠭ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/9
     5 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠰᠣᠶᠣᠯ ᠤᠨ ᠣᠷᠳᠣᠨ ᠲᠠᠢ ᠬᠠᠮᠲᠤᠷᠠᠨ ᠰᠠᠶᠢᠨ ᠳᠤᠷᠠᠴᠤᠳ ᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠳᠤ ᠤᠷᠤᠭᠤᠯᠤᠨ ᠪᠥᠬᠦ ᠠᠷᠠᠳ ᠲᠤ ᠤᠷᠠᠯᠢᠭ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠵᠣᠷᠢᠯᠭ᠎ᠠ ᠨᠢ ᠣᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ︽ᠠᠷᠠᠳ ᠲᠦᠮᠡᠨ ᠤ  ᠠᠮᠢᠲᠤᠷᠠᠯ ᠤᠨ ᠭᠤᠸ᠎ᠠ ᠬᠥᠮᠦᠵᠢᠯ ᠤᠨ ᠰᠤᠷᠭᠠᠭᠤᠯᠢ︾ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠨ ᠬᠥᠭᠵᠢᠭᠦᠯᠬᠦ ᠶᠢ ᠠᠬᠢᠭᠤᠯᠬᠤ ᠶᠢᠨ ᠲᠥᠯᠥᠭᠡ ᠶᠤᠮ᠃ ᠠᠵᠢᠯᠯᠠᠭ᠎ᠠ ᠨᠢ ︽ᠤᠷᠠᠯᠢᠭ ᠢ ᠬᠠᠶᠢᠷᠠᠯᠠᠵᠤ ᠠᠮᠢᠳᠤᠷᠠᠯ ᠵᠶ᠋ᠠᠨ‌ᠬᠠᠶᠢᠷᠠᠯᠠᠬᠤ︾ ᠪᠠᠷ ᠭᠤᠣᠯ ᠰᠡᠳᠦᠪ  ᠪᠤᠯᠭᠠᠨ᠂ ᠢᠦᠢ ᠴᠢᠤᠸᠠᠨ ᠲᠣᠭᠤᠷᠢᠭ ᠤᠨ ᠳ᠋ᠠ ᠱᠧᠩ ᠺᠦᠢ ᠰᠣᠶᠣᠯ ᠤᠨ ᠡᠭᠦᠳᠦᠯᠲᠡ ᠶᠢᠨ ᠬᠦᠷᠢᠶᠡᠯᠡᠩ ᠳᠤ  ᠦᠷᠨᠢᠭᠦᠯᠪᠡ᠃ ᠠᠵᠢᠯᠯᠠᠭ᠎ᠠ  ᠨᠢ ᠳᠠᠭᠤᠯᠠᠬᠤᠶ᠂ ᠬᠦᠭᠵᠢᠮᠳᠡᠬᠦᠷ᠂ ᠪᠥᠵᠢᠭ ᠵᠡᠷᠭᠡ ᠣᠯᠠᠨ ᠵᠦᠢᠯ ᠤᠨ ᠲᠣᠭᠯᠠᠯᠲᠠ ᠶᠢᠨ ᠬᠡᠯᠪᠡᠷᠢ ᠶᠢ ᠪᠠᠭᠲᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠣᠯᠠᠨ ᠵᠢᠯ ᠤᠨ ᠲᠤᠷᠰᠢᠬᠢ ᠦᠨᠳᠦᠰᠦᠨ ᠱᠠᠲᠤᠨ ᠤ ᠰᠠᠶᠢᠨ ᠳᠤᠷ᠎ᠠ ᠶᠢᠨ  ᠦᠢᠯᠡᠴᠢᠯᠡᠭᠡᠨ ᠳᠤ ᠣᠯᠤᠭᠰᠠᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ ᠪᠠ ᠤᠨᠤᠴᠢᠲᠠᠢ ᠪᠣᠯᠭᠠᠬᠤ ᠶᠢ ᠦᠷᠭᠦᠯᠵᠢᠯᠡᠨ ᠠᠬᠢᠭᠤᠯᠵᠤ᠂ ︽ᠰᠣᠶᠣᠯ ᠢ ᠬᠦᠷᠭᠡᠬᠦ︾ ᠪᠠ ︽ ᠰᠣᠶᠣᠯ ᠢ ᠦᠷᠡᠵᠢᠭᠦᠯᠬᠦ︾ ᠬᠤᠤᠰ ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠪᠠ      ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠦᠨᠳᠦᠰᠦᠨ ᠱᠠᠲᠤᠨ ᠳᠤ ᠣᠷᠣᠬᠤ ᠠᠵᠢᠯᠯᠠᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢᠨ ᠨᠢᠭᠡ ᠬᠡᠰᠡᠭ ᠪᠣᠯᠤᠭᠰᠠᠨ ᠤ ᠬᠤᠪᠢ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠠᠬᠢᠭᠤᠯᠬᠤ᠂ ᠦᠨᠳᠦᠰᠦᠨ ᠱᠠᠲᠤᠨ ᠤ ᠣᠯᠠᠨ ᠲᠦᠮᠡᠨ ᠤ ᠤᠷᠠᠯᠢᠭ ᠤᠨ ᠬᠡᠪ ᠪᠣᠯᠪᠠᠰᠤᠷᠠᠯ ᠪᠠ ᠭᠤᠸ᠎ᠠ ᠰᠠᠶᠢᠬᠠᠨ ᠤ ᠬᠦᠮᠦᠵᠢᠯ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠬᠤ ᠪᠠᠷ ᠪᠠᠷᠠᠬᠤ ᠦᠭᠡᠢ᠂ ᠪᠠᠰᠠ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠠᠬᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map