ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠬᠦᠮ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠨᠠᠶᠢᠷᠠᠯ ᠳᠠᠭᠤᠤ ᠶᠢᠨ ᠪᠠᠶᠠᠷ ᠲᠤ ᠭᠤᠷᠪᠠᠨ ᠵᠦᠢᠯ ᠤᠨ ᠣᠨᠴᠠ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2024/8/20
    7 ᠳ᠋ᠤᠭᠠᠷ ᠰᠠᠷ᠎ᠠ ᠶᠢᠨ 19 ᠤ ᠡᠳᠦᠷ᠂ ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠨᠠᠶᠢᠷᠠᠯ ᠳᠠᠭᠤᠤ ᠶᠢᠨ ᠪᠠᠶᠠᠷ ᠤᠨ ᠱᠠᠩᠨᠠᠯ ᠣᠯᠭᠤᠬᠤ ᠶᠣᠰᠣᠯᠠᠯ ᠤᠯᠤᠰ ᠤᠨ ᠵᠢᠷᠤᠭ ᠤᠷᠠᠯᠢᠭ ᠤᠨ ᠲᠥᠪ ᠤᠨ ᠳᠠᠭᠤᠤ ᠬᠥᠭᠵᠢᠮ ᠤᠨ ᠲᠢᠩᠬᠢᠮ ᠳᠤ ᠶᠠᠪᠤᠭᠳᠠᠪᠠ᠃      ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠬᠦᠮ ᠤᠨ ᠬᠢᠨ ᠤᠷᠤᠯᠳᠤᠭᠠᠨ ᠪᠠ ᠰᠣᠯᠢᠯᠴᠠᠭᠠᠨ ᠤ ᠲᠣᠭᠯᠠᠯᠲᠠ ᠶᠢᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠪᠥᠬᠦ ᠳᠡᠯᠡᠬᠡᠢ ᠶᠢᠨ 306 ᠰᠢᠯᠢᠳᠡᠭ ᠨᠠᠶᠢᠷᠠᠯ ᠳᠠᠭᠤᠤ ᠶᠢᠨ ᠪᠦᠯᠬᠦᠮ ᠠᠴᠠ ᠴᠣᠯᠭᠤᠷᠠᠨ ᠭᠠᠷᠴᠤ᠂ ᠠᠷᠠᠳ ᠤᠨ ᠳᠠᠭᠤᠤ ᠶᠢᠨ ᠳᠤᠭᠤᠶᠢᠯᠠᠩ ᠤᠨ ︽ᠥᠨᠥᠴᠢᠨ ᠴᠠᠭᠠᠨ ᠪᠤᠲᠤᠭᠤ︾᠂ ︽ᠤᠶᠢᠷᠠᠳ ᠤᠨ ᠪᠡᠶᠡᠯᠡᠭᠡ︾᠂  ᠲᠤᠮᠤᠴᠤᠤᠯ ᠤᠨ ᠳᠤᠭᠤᠶᠢᠯᠠᠩ ᠤᠨ ︽ᠦᠷᠯᠦᠭ ᠡᠵᠢ ᠶᠢᠨ ᠬᠠᠶᠢᠷ᠎ᠠ︾᠂ ︽ᠵᠢᠷᠤᠭ᠎ᠠ︾ ᠵᠡᠷᠭᠡ ᠳᠥᠷᠪᠡᠨ ᠪᠦᠲᠦᠭᠡᠯ ᠢᠶᠠᠷ ᠢᠶᠠᠨ ᠲᠣᠰ ᠲᠣᠰ ᠬᠤᠶᠠᠷ ᠳᠤᠭᠤᠶᠢᠯᠠᠩ ᠤᠨ ᠬᠠᠮᠤᠭ ᠤᠨ ᠥᠨᠳᠥᠷ ᠬᠤᠪᠢ ᠶᠢ ᠣᠯᠵᠤ᠂ ᠨᠢᠭᠡᠳᠦᠭᠡᠷ ᠳᠡᠰ ᠤᠨ ᠨᠠᠶᠢᠷᠠᠯ ᠳᠠᠭᠤᠤ ᠶᠢᠨ ᠪᠦᠯᠬᠦᠮ ᠢᠶᠠᠷ ᠦᠨᠡᠯᠡᠭᠳᠡᠵᠦ᠂ ᠲᠣᠰ ᠬᠤᠭᠤᠴᠠᠭᠠᠨ ᠤ ᠤᠷᠤᠯᠳᠤᠭᠠᠨ ᠤ ᠬᠠᠮᠤᠭ ᠤᠨ ᠳᠡᠭᠡᠳᠦ ᠲᠠᠰ ᠤᠨ ᠱᠠᠩᠨᠠᠯ ᠤᠨ ︽ᠥᠯᠢᠭᠡᠷ ᠳᠠᠭᠤᠷᠢᠶᠠᠯ ᠤᠨ ᠲᠠᠭᠤᠨ︾ ᠨᠠᠶᠢᠷᠠᠯ ᠳᠠᠭᠤᠤ ᠶᠢᠨ ᠪᠦᠯᠬᠦᠮ ᠤᠨ ᠢᠷᠠᠭᠤ ᠠᠯᠳᠠᠷ ᠤᠨ ᠴᠣᠯᠠ ᠶᠢ ᠭᠥᠷᠳᠡᠪᠡ᠃
 
ᠢᠷᠡᠯᠲᠡ᠄ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map