ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ ᠵᠢᠭᠤᠯᠴᠢᠯᠠᠯ ᠤᠨ ᠬᠤᠷᠢᠶ᠎ᠠ ᠶᠢ ᠵᠣᠬᠢᠶᠠᠨ ᠪᠠᠶᠢᠭᠤᠯᠵᠤ ᠱᠤᠭᠤᠮ ᠰᠤᠩᠭᠤᠨ ᠨᠠᠭᠠᠳᠤᠮ ᠤᠨ ᠤᠯᠠᠷᠢᠯ ᠳᠤ ᠠᠶᠠᠨᠴᠢᠳ ᠢ  ᠲᠠᠲᠠᠬᠤ ᠵᠠᠭᠪᠤᠷ ᠢ ᠡᠬᠢᠯᠡᠭᠦᠯᠪᠡ
ᠨᠡᠶᠢᠲᠡᠯᠡᠭᠰᠡᠨ ᠴᠠᠭ᠄
2024/8/21
     7 ᠳ᠋ᠤᠭᠠᠷ ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠤᠨ ᠳᠡᠯᠭᠡᠷᠡᠭᠦᠯᠬᠦ ᠶᠢᠨ ᠲᠥᠯᠥᠭᠡ᠂ ᠢᠯᠠᠩᠭᠤᠶ᠎ᠠ ᠤᠲᠠᠯ ᠦᠭᠡᠢ ᠪᠤᠯᠬᠤ ᠭᠡᠵᠦ ᠪᠠᠶᠢᠭ᠎ᠠ 7  ᠳ᠋ᠤᠭᠠᠷ ᠰᠠᠷ᠎ᠠ ᠶᠢᠨ 17 ᠤ ᠡᠳᠦᠷ ᠠᠴᠠ 8 ᠰᠠᠷ᠎ᠠ ᠶᠢᠨ 18 ᠤ ᠡᠳᠦᠷ ᠪᠣᠯᠲᠠᠯ᠎ᠠ 33 ᠡᠳᠦᠷ ᠤᠨ ᠬᠤᠭᠤᠴᠠᠭ᠎ᠠ ᠲᠠᠢ ᠬᠢᠩᠭᠠᠨ ᠠᠶᠢᠮᠠᠭ ᠤᠨ ᠨᠠᠭᠠᠳᠤᠮ ᠤᠨ ᠤᠯᠠᠷᠢᠯ ᠤᠨ ᠠᠵᠢᠯᠯᠠᠭᠠᠨ ᠳᠤ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ ᠠᠴᠠ ᠨᠢᠭᠡ ᠤᠳᠠᠭᠠᠨ ᠤ ᠦᠪᠡᠷᠮᠢᠴᠡ ᠤᠨᠴᠠᠯᠢᠭ ᠪᠦᠬᠦᠢ ᠵᠢᠭᠤᠯᠴᠢᠯᠠᠯ  ᠤᠨ ᠱᠤᠭᠤᠮ ᠰᠤᠩᠭᠤᠬᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦ ᠠᠶᠢᠮᠠᠭ ᠤᠨ 20 ᠭᠠᠷᠤᠶ ᠵᠢᠭᠤᠯᠴᠢᠯᠠᠯ ᠤᠨ ᠬᠤᠷᠢᠶᠠ᠊  ᠤ ᠲᠥᠯᠥᠭᠡᠯᠡᠭᠴᠢ ᠨᠡᠶᠢᠲᠡ 25 ᠬᠥᠮᠦᠨ ᠢ ᠬᠥᠲᠥᠯᠦᠨ ᠳᠠᠭᠠᠭᠤᠯᠵᠤ᠂ ᠤᠯᠠᠭᠠᠨᠮᠣᠳᠣ ᠶᠢᠨ ᠲᠠᠯ᠎ᠠ ᠨᠤᠲᠤᠭ ᠲᠤ ᠬᠦᠷᠴᠦ ᠨᠢᠭᠤᠴᠠ ᠶᠢ ᠬᠠᠶᠢᠬᠤ ᠵᠢᠭᠤᠯᠴᠢᠯᠠᠯ ᠳᠤ ᠣᠷᠣᠯᠴᠠᠭᠤᠯᠪᠠ᠃ ᠲᠣᠰ ᠤᠳᠠᠭᠠᠨ ᠤ ᠠᠵᠢᠯᠯᠠᠭ᠎ᠠ ᠶᠢ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢᠦ ᠲᠢᠩ ᠲᠢᠩ ᠳᠠᠭᠠᠭᠤᠯᠵᠤ᠂ ᠲᠤᠬᠠᠶ ᠶᠢᠨ ᠲᠠᠯᠠᠪᠤᠷ ᠲᠤ ᠪᠣᠯᠪᠠᠰᠤᠷᠠᠯ ᠬᠢᠬᠦ ᠪᠠ ᠲᠤᠬᠠᠶ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠬᠤ ᠪᠠ ᠣᠶᠢᠯᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠬᠢᠩᠭᠠᠨ ᠠᠶᠢᠮᠠᠭ ᠤᠨ ᠨᠠᠭᠠᠳᠤᠮ ᠳᠤ ᠪᠠᠨ ᠵᠢᠭᠤᠯᠴᠢᠯᠠᠭᠴᠢᠳ ᠲᠤ ᠦᠢᠯᠡᠴᠢᠯᠡᠬᠦ ᠭᠦᠢᠴᠡᠳ ᠪᠡᠯᠡᠳᠬᠡᠯ ᠢ ᠰᠠᠶᠢᠲᠤᠷ ᠬᠢᠬᠦ ᠶᠢᠨ ᠲᠥᠯᠥᠭᠡ ᠶᠤᠮ᠃  
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map