ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠤᠯᠠᠮᠵᠢᠯᠠᠯᠲᠤ ᠭᠠᠷ ᠤᠷᠠᠯᠠᠯ ᠤᠨ ᠣᠷᠳᠣᠨ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮ ᠤᠨ ᠰᠢᠨᠵᠢᠯᠡᠬᠦ ᠤᠬᠭᠠᠨ ᠤ ᠰᠤᠷᠭᠠᠨ ᠬᠥᠮᠦᠵᠢᠯ ᠤᠨ ᠠᠵᠢᠯᠯᠠᠭᠠᠨ ᠤ ᠤᠯᠠᠮᠵᠢᠯᠠᠯᠲᠤ ᠭᠠᠷ ᠤᠷᠠᠯᠠᠯ ᠤᠨ ᠲᠣᠮᠤ ᠬᠢᠴᠢᠶᠡᠯ ᠢ ᠵᠣᠬᠢᠶᠠᠨ ᠪᠠᠶᠢᠭᠤᠯᠤᠨ ᠦᠷᠨᠢᠭᠦᠯᠪᠡ
ᠨᠡᠶᠢᠲᠡᠯᠡᠭᠰᠡᠨ ᠴᠠᠭ᠄
2024/8/21
     7 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠤᠯᠠᠮᠵᠢᠯᠠᠯᠲᠤ ᠭᠠᠷ ᠤᠷᠠᠯᠠᠯ ᠤᠨ ᠣᠷᠳᠣᠨ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠷᠭᠠᠨ ᠬᠦᠮᠦᠵᠢᠯ ᠤᠨ ᠠᠵᠢᠯᠯᠠᠭᠠᠨ ᠤ ᠤᠯᠠᠮᠵᠢᠯᠠᠯᠲᠤ ᠭᠠᠷ ᠤᠷᠠᠯᠠᠯ ᠤᠨ ᠲᠣᠮᠤ ᠬᠢᠴᠢᠶᠡᠯ —— ︽ᠪᠦᠰ︾ ᠲᠠᠢ ᠠᠭᠤᠯᠵᠠᠶ᠎ᠠ ᠭᠠᠷ ᠤᠷᠠᠯᠠᠯ ᠤᠨ ᠬᠦᠳᠡᠯᠭᠡᠭᠡᠨ ᠢ ᠵᠣᠬᠢᠶᠠᠨ ᠪᠠᠶᠢᠭᠤᠯᠤᠨ ᠦᠷᠨᠢᠭᠦᠯᠪᠡ᠃ ᠬᠢᠴᠢᠶᠡᠯ ᠨᠢ ᠦᠵᠡᠭᠴᠢᠳ ᠢ ᠤᠷᠢᠵᠤ ᠬᠠᠮᠲᠤ ᠪᠠᠷ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ     ︽ᠪᠦᠰ ᠨᠠᠭᠠᠮᠠᠯ ᠵᠢᠷᠤᠭ︾ ᠢ ᠪᠡᠶᠡᠴᠢᠯᠡᠨ ᠣᠶᠢᠯᠠᠭᠠᠵᠠᠢ᠃      ᠬᠢᠴᠢᠶᠡᠯ ᠤᠨ ᠭᠤᠣᠯ ᠪᠠᠭᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠰ ᠨᠠᠭᠠᠮᠠᠯ ᠵᠢᠷᠤᠭ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠭᠴᠢ ᠼᠦᠢ ᠰᠦᠸᠧ ᠯᠢᠶᠠᠨ ︽ᠮᠣᠩᠭᠤᠯ ᠮᠣᠷᠢ︾ ᠶᠢᠨ ᠳᠦᠷᠢ ᠪᠠᠷ ᠰᠡᠳᠦᠪᠯᠡᠨ ᠪᠥᠰ ᠨᠠᠭᠠᠮᠠᠯ ᠵᠢᠷᠤᠭ ᠲᠤ ᠨᠣᠣᠷᠠᠭ ᠵᠤᠬᠢᠶᠠᠨ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠰᠤᠳᠤᠯᠤᠨ ᠰᠤᠷᠤᠯᠴᠠᠵᠤ᠂ ᠪᠥᠰ ᠨᠠᠭᠠᠮᠠᠯ ᠵᠢᠷᠤᠭ ᠢᠶᠠᠷ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠬᠠᠮᠲᠤ ᠪᠠᠷ ᠤᠷᠠᠯᠠᠭᠰᠠᠨ ᠶᠤᠮ᠃      ᠠᠵᠢᠯᠯᠠᠭᠠᠨ ᠤ ᠲᠠᠯᠠᠪᠠᠢ ᠳᠤ᠂ ᠼᠦᠢ ᠪᠠᠭᠰᠢ ᠪᠣᠳᠠᠰ ᠤᠨ ᠪᠤᠰᠤ ᠰᠣᠶᠣᠯ ᠤᠨ ᠥᠪ ᠤᠨ ᠤᠶᠤᠨ ᠰᠠᠨᠠᠭᠠᠨ ᠤ ᠭᠤᠣᠯ ᠴᠥᠮ᠎ᠡ ᠶᠢ ᠬᠡᠷᠬᠢᠨ ᠪᠣᠯᠪᠠᠰᠤᠷᠠᠭᠤᠯᠬᠤ᠂ ᠲᠡᠭᠦᠨ ᠢ ᠣᠳᠣᠬᠢ ᠠᠮᠢᠳᠤᠷᠠᠯ ᠳᠤ ︽ᠠᠮᠢᠯᠠᠭᠤᠯᠬᠤ︾ ᠲᠤᠬᠠᠢ ᠲᠠᠶᠢᠯᠪᠤᠷᠢᠯᠠᠨ ᠶᠠᠷᠢᠪᠠ᠃ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨᠠᠬᠢ ᠥᠯᠢᠭᠡᠷ ᠲᠤ ᠭᠦᠨ ᠵᠤᠵᠠᠭᠠᠨ ᠤᠯᠠᠮᠵᠢᠯᠠᠯᠲᠤ ᠰᠣᠶᠣᠯ ᠠᠭᠤᠯᠤᠭᠳᠠᠵᠤ ᠪᠠᠶᠢᠳᠠᠭ᠂ ᠡᠭᠦᠨ ᠢ ︽ᠵᠢᠵᠢᠭ ᠤᠷᠠᠯᠠᠯ᠂ ᠲᠣᠮᠣ ᠵᠣᠬᠢᠶᠠᠯ︾ ᠭᠡᠵᠦ ᠬᠡᠯᠡᠵᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map