ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠮ ᠤᠨ ᠤᠷᠤᠯᠳᠤᠭᠠᠨ ᠤ ᠬᠤᠭᠤᠴᠠᠭᠠᠨ ᠳᠤ ᠰᠣᠯᠢᠯᠴᠠᠭᠠᠨ ᠤ ᠲᠣᠭᠯᠠᠯᠲᠠ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠣᠯᠠᠨ ᠤ ᠬᠠᠷᠠᠭ᠎ᠠ ᠶᠢ ᠪᠤᠯᠢᠶᠠᠪᠠ
ᠨᠡᠶᠢᠲᠡᠯᠡᠭᠰᠡᠨ ᠴᠠᠭ᠄
2024/8/23
    7 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠤᠯᠠᠭᠠᠨᠮᠥ᠋ᠴᠢᠷ ᠨᠢ ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠮᠥ᠋ᠴᠢᠷ᠂ ᠳ᠋ᠧᠩᠺᠸᠤ ᠰᠢᠶᠠᠨ ᠤ ᠤᠯᠠᠭᠠᠨᠮᠥ᠋ᠴᠢᠷ ᠲᠠᠢ ᠬᠠᠮᠲᠤ ᠪᠠᠷ ᠤᠷᠲᠤ ᠶᠢᠨ ᠳᠠᠭᠤᠤ ᠶᠢᠨ ᠤᠷᠠᠯᠢᠭᠴᠢᠨ  ᠵᠠᠭᠤᠨᠨᠠᠰᠤᠲᠤ ᠶᠢᠨ ᠬᠠᠭᠤᠴᠢᠨ ᠰᠠᠭᠤᠴᠠ ᠳᠤ ᠰᠣᠯᠢᠯᠴᠠᠭᠠᠨ ᠤ ᠲᠣᠭᠯᠠᠯᠲᠠ ᠭᠠᠷᠭᠠᠪᠠ᠃      7 ᠳ᠋ᠤᠭᠠᠷ ᠰᠠᠷ᠎ᠠ ᠶᠢᠨ 24  ᠤ ᠡᠳᠦᠷ ᠤᠨ ᠣᠷᠣᠢ᠂ ᠡᠯ᠎ᠡ ᠳᠤᠭᠤᠶᠢᠯᠠᠩ ᠤᠨ ᠰᠢᠯᠢᠳᠡᠭ ᠣᠷᠤᠯᠴᠠᠭᠴᠢ ᠬᠢᠭᠡᠳ ᠤᠷᠠᠨ ᠪᠦᠲᠦᠭᠡᠯ ᠢ ᠵᠣᠬᠢᠶᠠᠨ ᠪᠠᠶᠢᠭᠤᠯᠵᠤ᠂ ᠦᠵᠦᠮᠦᠴᠢᠨ ᠰᠣᠶᠣᠯ ᠤᠨ ᠠᠭᠤᠳᠠᠮ ᠲᠠᠯᠠᠪᠠᠢ ᠳᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠦᠷᠨᠢᠭᠦᠯᠪᠡ᠃ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠤᠷᠠᠨ ᠰᠠᠶᠢᠬᠠᠨ ᠤ ᠲᠣᠭᠯᠠᠯᠲᠠ ᠤᠯᠠᠨ ᠲᠦᠮᠡᠨ ᠤ ︽ᠭᠡᠷ ᠤᠨ ᠡᠭᠦᠳᠡᠨ︾ ᠳᠤ ᠬᠦᠷᠭᠡᠭᠰᠡᠨ ᠡᠨᠡ ᠬᠦ ᠠᠵᠢᠯᠯᠠᠭ᠎ᠠ ᠨᠢ ᠦᠷᠭᠡᠨ ᠤᠯᠠᠨ ᠠᠷᠠᠳ ᠲᠦᠮᠡᠨ ᠳᠤ ᠪᠦᠬᠦ ᠣᠷᠣᠨ ᠤ ᠡᠯ᠎ᠡ ᠤᠷᠠᠨ ᠰᠠᠶᠢᠬᠠᠨ ᠤ ᠬᠦᠷᠢᠶᠡᠯᠡᠩ ᠪᠦᠯᠬᠦᠮ ᠤᠨ ᠭᠤᠶᠢᠳᠠ ᠰᠠᠶᠢᠬᠠᠨ ᠲᠣᠭᠯᠠᠯᠲᠠ ᠪᠣᠯᠣᠨ ᠦᠵᠡᠰᠭᠦᠯᠡᠩ ᠢᠳᠡᠷᠭᠦᠨ ᠴᠤᠭ ᠵᠢᠪᠬᠤᠭ᠎ᠠ ᠶᠢ ᠰᠣᠨᠢᠷᠬᠠᠭᠤᠯᠵᠤ᠂  ᠵᠤᠰᠠᠯᠠᠩ ᠤᠨ ᠰᠠᠶᠢᠬᠠᠨ ᠲᠤᠯᠤᠭᠠᠨ ᠰᠠᠷ᠎ᠠ ᠶᠢᠨ ᠵᠤᠨ ᠤ ᠬᠠᠯᠠᠭᠤᠨ ᠳᠤ ᠤᠳᠬ᠎ᠠ ᠤᠷᠠᠯᠢᠭ ᠤᠨ ᠭᠤᠴᠣ ᠰᠠᠶᠢᠬᠠᠨ ᠢ ᠵᠢᠷᠤᠭᠯᠠᠵᠠᠢ᠃ ᠲᠣᠭᠯᠠᠯᠲᠠ ᠨᠢ ᠬᠠᠩᠭᠢᠨᠠᠮ᠎ᠠ ᠠᠶᠠᠰ᠂ ᠢᠷᠠᠭᠤ ᠬᠦᠭ  ᠢᠶᠠᠷ ᠬᠤᠳᠠ ᠶᠢ ᠬᠠᠩᠭᠢᠨᠠᠭᠤᠯᠵᠤ᠂ ᠤᠳᠬ᠎ᠠ ᠤᠷᠠᠯᠢᠭ ᠢᠶᠠᠷ ᠬᠥᠮᠥᠰ ᠤᠨ ᠰᠡᠳᠬᠢᠯ ᠢ ᠤᠮᠳᠠᠯᠠᠨ᠂ ᠤᠯᠠᠨ ᠲᠦᠮᠡᠨ ᠢ ᠭᠡᠷ ᠤᠨ ᠡᠭᠦᠳᠡᠨ ᠳᠤ ᠪᠠᠨ ᠤᠷᠠᠨ ᠰᠠᠶᠢᠬᠠᠨ ᠤ ᠠᠵᠢᠯᠯᠠᠭᠠᠨ ᠳᠤ ᠣᠷᠤᠯᠴᠠᠭᠤᠯᠵᠤ ᠴᠢᠳᠠᠭᠰᠠᠨ ᠪᠥᠭᠡᠳ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠬᠥᠭᠵᠢᠮ ᠤᠨ ᠤᠷᠤᠯᠳᠤᠭᠠᠨ ᠳᠤ ᠬᠦᠴᠦ ᠨᠡᠮᠡᠷᠢᠯᠡᠬᠦ ᠦᠭᠡᠳᠡᠷᠬᠡᠭ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map