ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠮᠠᠨ ᠤ ᠣᠷᠣᠨ ᠳᠤ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/24
     7 ᠳ᠋ᠤᠭᠠᠷ ᠰᠠᠷ᠎ᠠ ᠶᠢᠨ 10 ᠤ ᠡᠳᠦᠷ ᠠᠴᠠ 13 ᠤ ᠡᠳᠦᠷ ᠪᠣᠯᠲᠠᠯ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠬᠤᠤ ᠮᠢᠩ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ 7 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠬᠤᠤ ᠮᠢᠩ ᠶᠢᠨ ᠲᠠᠢ ᠵᠤᠯᠭᠠᠪᠠ᠃    7 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠬᠤᠤ ᠮᠢᠩ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠲᠥᠯᠥᠭᠡᠯᠡᠨ ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠪᠠ᠃      ᠬᠤᠷᠠᠯ ᠤᠨ ᠳᠠᠷᠠᠭ᠎ᠠ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠥᠬᠡᠬᠤᠲᠠ᠂ ᠪᠠᠶᠠᠨᠨᠠᠭᠤᠷ ᠬᠤᠲᠠ᠂ ᠦᠬᠠᠶ ᠬᠤᠲᠠ ᠳᠤ ᠭᠦᠨᠵᠡᠭᠡᠶᠢᠷᠡᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠤᠨ ᠪᠠᠶᠢᠴᠠᠭᠠᠯᠲᠠ ᠥᠷᠨᠢᠭᠦᠯᠪᠡ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map