︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠵᠤᠨ ᠤ ᠬᠠᠮᠤᠭ ᠤᠨ ᠰᠠᠶᠢᠬᠠᠨ ᠦᠵᠡᠮᠵᠢ ᠶᠢ ᠬᠦᠰᠡᠷᠳᠡᠭᠦᠯᠬᠦ ᠦᠭᠡᠢ ︱ ᠥᠪᠥᠷ ᠮᠣᠩᠭᠤᠯ ᠤᠨ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠮᠦᠨ᠎ᠡ ᠹᠷᠣᠨᠲ ᠤᠨ ᠠᠵᠢᠭᠯᠠᠯᠲᠠ
ᠨᠡᠶᠢᠲᠡᠯᠡᠭᠰᠡᠨ ᠴᠠᠭ᠄
2024/8/25
    ᠥᠪᠥᠷ ᠮᠣᠩᠭᠤᠯ ᠤᠮᠠᠷᠠᠲᠤ ᠬᠢᠯᠢ ᠶᠢᠨ ᠭᠠᠵᠠᠷ ᠣᠷᠣᠨ ᠤ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ ᠭᠦᠨ ᠠᠭᠤᠳᠠᠯᠵᠤ᠂ ᠵᠢᠭᠤᠯᠴᠢᠯᠠᠭᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠤᠨᠢᠨ ᠳᠡᠭᠡᠷ᠎ᠡ  ᠨᠢ ᠨᠠᠷᠢᠯᠢᠭᠵᠢᠭᠤᠯᠤᠨ ᠵᠣᠯᠭᠠᠭᠤᠯᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ  ᠶᠡᠭᠡ ᠪᠠᠷ ᠠᠬᠢᠭᠤᠯᠵᠤ ᠪᠤᠢ᠃ ︽ᠵᠠᠭᠤᠨ ᠲᠦᠮᠡᠨ ᠬᠥᠮᠥᠨ ᠤ ᠬᠠᠷᠢᠯᠴᠠᠨ ᠵᠢᠭᠤᠯᠴᠢᠯᠠᠬᠤ︾ ᠲᠥᠯᠥᠪᠯᠡᠭᠡ᠂ ︽ᠵᠢᠭᠤᠯᠴᠢᠯᠠᠭᠴᠢᠳ ᠢ ᠥᠪᠥᠷ ᠮᠣᠩᠭᠤᠯ ᠳᠤ ᠣᠷᠣᠭᠤᠯᠬᠤ︾ ᠱᠠᠩᠨᠠᠯ ᠬᠥᠬᠢᠭᠦᠯᠦᠯ ᠵᠡᠷᠭᠡ ᠣᠯᠠᠨ ᠵᠦᠢᠯ ᠤᠨ ᠲᠥᠷᠥ ᠶᠢᠨ ᠪᠣᠳᠣᠯᠭ᠎ᠠ ᠳᠤ ᠲᠦᠰᠢᠭᠯᠡᠨ᠂ ᠥᠪᠥᠷ ᠮᠣᠩᠭᠤᠯ ︽ᠪᠠᠶᠠᠷ ᠳᠤᠷᠠᠰᠬᠠᠯ + ᠵᠢᠭᠤᠯᠴᠢᠯᠠᠯ︾᠂ ︽ᠤᠷᠠᠨ ᠲᠣᠭᠯᠠᠯᠲᠠ + ᠵᠢᠭᠤᠯᠴᠢᠯᠠᠯ︾᠂ ︽ᠰᠣᠶᠣᠯ ᠦᠵᠡᠰᠬᠦᠯᠡᠩ + ᠵᠢᠭᠤᠯᠴᠢᠯᠠᠯ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠠᠷ ᠪᠣᠶᠢᠵᠢᠭᠤᠯᠵᠤ᠂ ︽ᠲᠠᠯ᠎ᠠ ᠨᠤᠲᠤᠭ ᠲᠤ ᠪᠣᠯᠵᠣᠵᠤ᠂ ᠨᠠᠭᠠᠳᠤᠮ ᠳᠡᠭᠡᠷ᠎ᠡ ᠠᠭᠤᠯᠵᠠᠬᠤ︾᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠨᠢᠭᠡ ᠪᠦᠯᠦᠭ ︽ᠡᠭᠦᠳᠡ ᠪᠠᠨ ᠨᠡᠭᠡᠭᠡᠵᠦ ᠦᠵᠡᠮᠵᠢ ᠰᠤᠨᠢᠷᠬᠠᠭᠤᠯᠬᠤ︾᠂ ᠳᠠᠷᠤᠢ ︽ᠬᠥᠭᠵᠢᠶᠡᠨ ᠲᠠᠢ︾ ᠭᠤᠣᠯᠳᠠᠯᠭ᠎ᠠ ᠲᠠᠢ ᠲᠥᠷᠥᠯ ᠵᠦᠢᠯ ᠢ ᠪᠣᠶ ᠪᠣᠯᠭᠠᠵᠤ᠂ ︽ᠰᠣᠳᠣᠨ ᠪᠦᠲᠦᠭᠡᠯ ᠢᠶᠠᠷ ᠳᠠᠶᠢᠴᠢᠯᠠᠬᠤ᠂ ᠣᠯᠠᠨ ᠲᠠᠯ᠎ᠠ ᠪᠠᠷ ᠲᠤᠯᠭᠠᠭᠤᠷᠢᠯᠠᠬᠤ᠂ ᠠᠵᠤ ᠦᠢᠯᠡᠰ ᠢ ᠠᠭᠤᠰᠤᠯᠴᠠᠭᠤᠯᠬᠤ︾ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠠᠩᠬ᠎ᠠ ᠠᠯᠬᠤᠮ ᠪᠣᠶ ᠪᠣᠯᠭᠠᠪᠠ᠃      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 12210.79 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ  ᠬᠢ ᠠᠴᠠ 32.94% ᠨᠡᠮᠡᠭᠳᠡᠪᠡ︔ ᠪᠥᠬᠦ ᠣᠷᠣᠨ ᠤ ᠭᠥᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ ᠪᠥᠬᠦ ᠬᠡᠷᠡᠭᠯᠡᠭᠡ 1700.57 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.50% ᠪᠠᠷ ᠨᠡᠮᠡᠭᠳᠡᠪᠡ᠃ ᠥᠪᠥᠷ ᠮᠣᠩᠭᠤᠯ ᠤᠨ ᠵᠢᠭᠤᠯᠴᠢᠯᠠᠯ ᠤᠨ ᠬᠥᠭᠵᠢᠯᠲᠡ ᠶᠢᠨ ᠳᠠᠪᠠᠭᠤᠯᠢᠭ ᠨᠢ ᠶᠠᠭ ᠪᠠᠶᠢᠭᠠᠯᠢ ᠶᠢᠨ ᠥᠩᠭᠡ ᠦᠵᠡᠮᠵᠢ ᠪᠣᠯᠣᠨ ᠰᠣᠶᠣᠯ ᠢᠷᠭᠡᠨᠰᠢᠯ ᠤᠨ ᠵᠠᠩ ᠦᠢᠯᠡ ᠠᠴᠠ ᠪᠠᠨ ᠵᠣᠯ ᠵᠢᠷᠭᠠᠯᠲᠤ ᠠᠮᠢᠳᠤᠷᠠᠯ ᠤᠨ ᠠᠬᠤᠢ ᠪᠠᠶᠢᠳᠠᠯ᠂ ᠤᠯᠠᠨ ᠶᠠᠩᠵᠤ ᠶᠢᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠳᠤ ᠬᠦᠷᠲᠡᠯ᠎ᠡ ᠥᠷᠭᠡᠵᠢᠵᠦ ᠪᠤᠢ᠃ ᠥᠪᠡᠷᠲᠡᠭᠡᠨ ᠲᠡᠷᠭᠡ ᠵᠢᠯᠤᠭᠤᠳᠬᠤ ᠵᠢᠭᠤᠯᠴᠢᠯᠠᠯ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ᠂ ᠠᠮᠠᠷᠠᠯᠲᠠ ᠶᠢᠨ ᠵᠢᠭᠤᠯᠴᠢᠯᠠᠯ ᠪᠠ ᠡᠷᠡᠭᠦᠯ ᠮᠡᠨᠳᠦ ᠶᠢᠨ ᠰᠤᠪᠢᠯᠠᠯᠲᠠ ᠶᠢᠨ ᠵᠢᠭᠤᠯᠴᠢᠯᠠᠯ ᠢ ᠬᠦᠴᠦᠯᠡᠨ ᠪᠠᠶᠢᠭᠤᠯᠬᠤ ᠪᠠᠷ ᠳᠡᠮᠵᠢᠨ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠶᠠᠭ ᠵᠤᠭᠠᠴᠠᠨ ᠲᠣᠭᠤᠷᠢᠬᠤ᠂ ᠰᠡᠯᠡᠭᠦᠴᠡᠬᠦ᠂ ᠠᠮᠠᠷᠠᠯᠲᠠ ᠶᠢᠨ ᠬᠤᠭᠤᠴᠠᠭ᠎ᠠ ᠶᠢ ᠵᠣᠬᠢᠴᠠᠩᠭᠤᠢ ᠪᠠᠷ ᠬᠥᠭᠵᠢᠭᠦᠯᠬᠦ ᠶᠢ ᠪᠡᠶᠡᠯᠡᠭᠦᠯᠵᠦ ᠪᠠᠶᠢᠨ᠎ᠠ᠃        
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map