ᠪᠣᠳᠠᠲᠤ ᠠᠵᠢᠯᠯᠠᠭ᠎ᠠ ᠪᠠᠷ ᠢᠶᠠᠨ ︽ᠤᠮᠠᠷᠠᠲᠤ ᠬᠢᠯᠢ ᠶᠢᠨ ᠰᠡᠳᠬᠢᠯᠭᠡ ᠪᠢᠯᠬᠠᠮ᠎ᠠ᠂ ᠪᠤᠭᠤᠲᠤ ᠬᠤᠲᠠ ᠶᠢᠨ ᠤᠷᠢᠯᠭ᠎ᠠ ᠬᠠᠯᠠᠭᠤᠨ︾ ᠭᠡᠬᠦ ᠠᠯᠳᠠᠨ ᠦᠰᠦᠭᠲᠦ ᠫᠠᠶᠢᠰᠠ ᠶᠢ ᠭᠡᠷᠡᠯᠳᠦᠬᠦᠯᠦᠨ᠎ᠡ
ᠨᠡᠶᠢᠲᠡᠯᠡᠭᠰᠡᠨ ᠴᠠᠭ᠄
2024/8/29
     7 ᠳ᠋ᠤᠭᠠᠷ ᠰᠠᠷ᠎ᠠ ᠶᠢᠨ 9 ᠤ ᠡᠳᠦᠷ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠪᠥᠬᠦ ᠬᠤᠲᠠ ᠶᠢᠨ ᠬᠤᠰᠢᠭᠤ ᠰᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠶᠢᠨ ᠠᠵᠢᠯ ᠤᠨ ᠮᠡᠳᠡᠭᠦᠯᠦᠯᠲᠡ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠤ ᠳᠠᠷᠤᠭ᠎ᠠ ᠭᠦᠸᠧ ᠶᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠬᠤᠰᠢᠭᠤ ᠰᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ᠂ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ  ᠶᠢᠨ ᠬᠠᠷᠢᠭᠤᠴᠠᠯᠭᠠᠲᠠᠨ᠂ ᠪᠦᠬᠦ ᠰᠢᠰᠲ᠋ᠧᠮ ᠤᠨ ᠳᠡᠳ᠋ ᠰᠠᠯᠠᠭᠠᠨ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠪᠠ᠃ ᠬᠤᠷᠠᠯ ᠠᠴᠠ ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠲᠤᠭ᠎ᠠ ᠶᠢ ᠬᠢᠨᠠᠨ ᠰᠢᠯᠭᠠᠭᠰᠠᠨ ᠪᠠᠶᠢᠳᠠᠯ ᠢ ᠮᠡᠳᠡᠭᠳᠡᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠰᠣᠶᠣᠯ ᠵᠢᠭᠤᠯᠴᠢᠯᠠᠯ ᠤᠨ ᠠᠵᠢᠯ ᠲᠦᠷᠦᠯ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃  
 
ᠢᠷᠡᠯᠲᠡ᠄ ᠪᠤᠭᠤᠲᠤ ᠶᠢᠨ ᠰᠣᠶᠤᠯ ᠵᠢᠭᠤᠯᠴᠢᠯᠠᠯ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map