| | ᠥᠪᠥᠷ ᠵᠠᠰᠠᠭ ᠠᠯᠪᠠᠨ ᠲᠠᠷᠬᠠᠭᠠᠭᠰᠠᠨ ︹2020︺ 52 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | 2020 ᠣᠨ ᠤ 12 ᠳ᠋ᠤᠭᠠᠷ ᠰᠠᠷ᠎ᠠ ᠶᠢᠨ 23 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ | ᠲᠤᠨᠨᠳᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠵᠠᠬ᠎ᠠ | ᠳᠡᠯᠭᠡᠭᠦᠷ ᠲᠤ ᠦᠨᠡᠨᠴᠢ ᠢᠲᠡᠭᠡᠮᠵᠢᠲᠡᠶ ᠣᠷᠴᠢᠨ ᠢ ᠪᠤᠢ ᠪᠣᠯᠭᠠᠬᠤ ᠶᠢᠨ ᠲᠤᠰᠠᠳᠠ᠂ ᠤᠯᠤᠰ ᠤᠨ ᠬᠠᠮᠢᠶ᠎ᠠ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠷᠠᠳ ᠤᠨ ᠳᠡᠭᠡᠳᠦ ᠰᠢᠭᠦᠬᠦ ᠬᠤᠷᠢᠶᠠᠨ ᠤ ︽ᠳᠠᠭᠠᠭᠠᠴᠢᠯᠠᠯᠲᠠ | ᠵᠠᠷᠯᠠᠵᠦ ᠳᠠᠭᠠᠭᠠᠴᠢᠯᠠᠯᠲᠠ ᠬᠦᠯᠢᠶᠡᠬᠦ ᠠᠵᠢᠯᠯᠠᠭᠠᠨ ᠳᠠᠬᠢ ᠢᠲᠡᠭᠡᠯ ᠠᠯᠳᠠᠭᠰᠠᠨ ᠭᠦᠢᠴᠡᠳᠬᠡᠭᠳᠡᠭᠴᠢ ᠳᠤ | ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠶᠢ ᠬᠡᠷᠡᠭᠵᠢᠭᠦᠯᠬᠦ ᠲᠤᠬᠠᠢ ᠮᠡᠳᠡᠭᠳᠡᠯ︾ ︵ᠰᠢᠭᠦᠬᠦ ︹2016︺ 285 | ᠳ᠋ᠤᠭᠠᠷ ᠲᠣᠭᠠᠲᠤ︶᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠶᠠᠮᠤᠨ ᠵᠥᠪᠯᠡᠯ ᠤᠨ | ︽︿ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶᠡᠨ ᠳᠠᠬᠢ ᠬᠦᠨᠳᠦ ᠨᠣᠴᠢᠲᠠᠶ ᠢᠲᠡᠭᠡᠯ | ᠠᠯᠳᠠᠭᠰᠠᠨ ᠭᠤᠤᠯ ᠴᠣᠭᠴᠠ ᠳᠤ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠶᠢ ᠦᠷᠨᠢᠭᠦᠯᠬᠦ ᠰᠠᠨᠠᠭᠤᠯᠤᠮᠵᠢ﹀ ᠶᠢ | ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠬᠠᠤᠯᠢ ᠲᠣᠭᠲᠠᠭᠠᠯ | ︹2018︺ 457 ᠳ᠋ᠤᠭᠠᠷ ᠲᠣᠭᠠᠲᠤ︶ ᠵᠡᠷᠭᠡ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ | ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠰᠢᠩᠬᠡᠬᠡᠨ ᠲᠡᠮᠳᠡᠭᠯᠡᠬᠦ᠂ ᠴᠤᠭᠯᠠᠭᠤᠯᠤᠨ ᠨᠡᠶᠢᠯᠡᠭᠦᠯᠬᠦ᠂ ᠢᠯᠡ | ᠪᠣᠯᠭᠠᠬᠤ᠂ ᠬᠠᠮᠳᠤ ᠪᠠᠷ ᠭᠥᠷᠳᠡᠬᠦ ᠪᠠ ᠬᠡᠷᠡᠭᠯᠡᠬᠦ ᠳᠤ ᠲᠣᠬᠢᠷᠠᠭᠤᠯᠣᠨ ᠬᠡᠷᠡᠭᠯᠡᠨ᠎ᠡ᠃ | ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠡ ᠭᠡᠳᠡᠭ ᠨᠢ ᠣᠯᠠᠨ | ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠨᠡᠶᠢᠲᠡ ᠶᠢᠨ | ᠥᠮᠴᠢᠯᠡᠯ ᠤᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠬᠢ ᠪᠠᠶᠠᠯᠢᠭ ᠤᠨ ᠠᠷᠠᠯᠵᠢᠶᠡᠨ ᠤ | ᠠᠵᠢᠯᠯᠠᠭ᠎ᠠ ᠶᠢ ᠵᠢᠭᠠᠵᠤ ᠪᠤᠶ᠃ | ᠲᠤᠰ ᠠᠷᠭ᠎ᠠ ᠳᠤ ᠬᠡᠯᠡᠵᠦ ᠪᠠᠶᠢᠭ᠎ᠠ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ | ᠬᠥᠮᠦᠨ ᠳᠤ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠳᠤ ᠣᠷᠣᠯᠴᠠᠭᠰᠠᠨ ᠳᠠᠭᠠᠭᠠᠴᠢᠯᠠᠯᠲᠠ ᠵᠠᠷᠯᠠᠭᠴᠢ᠂ | ᠬᠤᠳᠠᠯᠳᠤᠨ ᠠᠪᠤᠭᠴᠢ᠂ ᠲᠥᠯᠥᠪᠦᠷᠢᠲᠡᠢ ᠰᠢᠯᠵᠢᠭᠦᠯᠦᠭᠴᠢ᠂ ᠰᠢᠯᠵᠢᠭᠦᠯᠦᠨ ᠦᠭᠭᠦᠭᠴᠢ᠂ ᠨᠠᠶᠢᠳᠠᠭᠴᠢ ᠵᠡᠷᠭᠡ | ᠲᠥᠷᠥᠯ ᠵᠦᠢᠯ ᠢ ᠡᠭᠦᠰᠭᠡᠨ ᠪᠠᠶᠢᠭᠤᠯᠤᠭᠴᠢ︔ ᠳᠠᠭᠠᠭᠠᠴᠢᠯᠠᠯᠲᠠ ᠵᠠᠷᠯᠠᠬᠤ ᠣᠷᠤᠯᠠᠯ ᠤᠨ ᠪᠠᠶᠢᠭᠤᠯᠤᠮᠵᠢ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠤᠯᠠᠨ ᠭᠦᠢᠴᠡᠳᠭᠡᠬᠦ ᠪᠠᠶᠢᠭᠤᠯᠤᠮᠵᠢ᠂ ᠦᠨ᠎ᠡ ᠬᠠᠶᠠᠵᠤ | ᠬᠤᠳᠠᠯᠳᠤᠭᠠᠯᠠᠬᠤ ᠪᠠᠶᠢᠭᠤᠯᠤᠮᠵᠢ᠂ ᠥᠮᠴᠢᠯᠡᠬᠦ ᠡᠷᠬᠡ ᠶᠢᠨ ᠠᠷᠠᠯᠵᠢᠶᠠᠨ ᠤ ᠪᠠᠶᠢᠭᠤᠯᠤᠮᠵᠢ ᠵᠡᠷᠭᠡ ᠵᠠᠭᠤᠴᠢ | ᠣᠷᠤᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ︔ ᠳᠠᠭᠠᠭᠠᠴᠢᠯᠠᠯᠲᠠ ᠬᠦᠯᠢᠶᠡᠭᠴᠢ᠂ ᠬᠠᠩᠭᠠᠯᠭ᠎ᠠ ᠶᠢᠨ | ᠬᠤᠳᠠᠯᠳᠤᠭᠠᠴᠢᠨ᠂ ᠰᠢᠯᠵᠢᠭᠦᠯᠦᠨ ᠠᠪᠤᠭᠴᠢ᠂ ᠥᠷᠢᠰᠥᠯᠳᠦᠨ ᠬᠤᠳᠠᠯᠳᠤᠨ ᠠᠪᠤᠭᠴᠢ ᠵᠡᠷᠭᠡ ᠲᠥᠷᠥᠯ ᠵᠦᠢᠯ ᠢ | ᠠᠶᠠᠳᠠᠨ ᠳᠠᠭᠠᠭᠴᠢ︔ ᠳᠠᠭᠠᠭᠠᠴᠢᠯᠠᠯᠲᠠ ᠶᠢ ᠦᠨᠡᠯᠡᠨ ᠬᠢᠨᠠᠬᠤ ᠺᠣᠮᠢᠰ ᠤᠨ ᠪᠦᠷᠢᠯᠳᠦᠬᠦᠨ ᠵᠢᠴᠢ ᠬᠠᠮᠢᠶ᠎ᠠ ᠪᠦᠬᠦᠢ | ᠠᠵᠢᠯᠯᠠᠭᠰᠠᠳ ᠵᠡᠷᠭᠡ ᠪᠠᠭᠲᠠᠨ᠎ᠠ᠃ | ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ | ᠭᠡᠳᠡᠭ ᠨᠢ ᠨᠢᠭᠡᠳᠦᠯᠲᠡᠶ ᠲᠦᠷᠢᠮ ᠪᠠ ᠪᠠᠷᠢᠮᠵᠢᠶ᠎ᠠ ᠶᠢ ᠬᠡᠷᠡᠭᠵᠢᠭᠦᠯᠵᠦ᠂ ᠨᠡᠭᠡᠭᠡᠯᠲᠡ ᠬᠢᠵᠦ ᠬᠠᠮᠲᠤ ᠳᠤ ᠪᠠᠨ ᠭᠥᠷᠳᠡᠬᠦ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠳ᠋ᠷᠣᠨ ᠦᠢᠯᠡᠴᠢᠯᠡᠭᠡᠨ ᠤ ᠰᠢᠰᠲ᠋ᠧᠮ ᠪᠠ | ᠵᠢᠷᠤᠮᠵᠢᠭᠰᠠᠨ ᠢᠯᠡ ᠲᠣᠳᠣ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ᠂ ᠨᠡᠶᠢᠭᠡᠮ ᠤᠨ ᠣᠯᠠᠨ ᠨᠡᠶᠢᠲᠡ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠵᠡᠷᠭᠡ ᠳᠤ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ | ᠲᠤᠨᠨᠳᠠᠯᠴᠠᠭ᠎ᠠ ᠶᠢ ᠵᠢᠭᠠᠵᠤ ᠪᠣᠶ᠃ | ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠳ᠋ᠷᠣᠨ | ᠦᠢᠯᠡᠴᠢᠯᠡᠭᠡᠨ ᠤ ᠰᠢᠰᠲ᠋ᠧᠮ ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠡᠯᠧᠺᠳ᠋ᠷᠣᠨ ᠠᠷᠠᠯᠵᠢᠶᠡᠨ ᠤ | ᠰᠢᠰᠲ᠋ᠧᠮ᠂ ᠬᠢᠨᠠᠨ ᠬᠠᠮᠢᠶᠠᠷᠬᠤ ᠰᠢᠰᠲ᠋ᠧᠮ ᠪᠠ ᠪᠤᠰᠤᠳ ᠡᠯᠧᠺᠳ᠋ᠷᠣᠨ ᠰᠢᠰᠲ᠋ᠧᠮ ᠢ ᠬᠤᠯᠪᠣᠨ ᠨᠡᠪᠲᠡᠷᠡᠭᠦᠯᠵᠦ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠮᠡᠳᠡᠭᠡ ᠵᠠᠩᠭᠢ ᠶᠢᠨ ᠳ᠋ᠠᠶᠢᠲ᠋ᠠ ᠪᠠᠨ ᠰᠣᠯᠢᠯᠴᠠᠵᠤ | ᠬᠠᠮᠳᠣ ᠳᠤ ᠪᠠᠨ ᠭᠥᠷᠳᠡᠬᠦ ᠶᠢ ᠪᠡᠶᠡᠯᠡᠭᠦᠯᠬᠦ ᠶᠢᠨ ᠵᠡᠷᠭᠡ ᠳᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠵᠠᠩᠭᠢᠯᠠᠭ᠎ᠠ ᠶᠢ ᠵᠢᠭᠠᠵᠤ ᠪᠣᠶ᠃ | ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ | ᠮᠡᠳᠡᠭᠡ ᠵᠠᠩᠭᠢ ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠠᠪᠤᠴᠠ ᠳᠤ ᠪᠣᠶ ᠪᠣᠯᠤᠭᠰᠠᠨ ᠪᠤᠶᠤ ᠵᠠᠰᠠᠭ ᠵᠠᠬᠢᠷᠭᠠᠨ ᠤ ᠬᠢᠨᠠᠯᠲᠠ | ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ | ᠴᠢᠳᠠᠪᠤᠷᠢ ᠲᠠᠢ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠪᠠ | ᠦᠢᠯᠡᠴᠢᠯᠡᠭᠡᠨ ᠤ ᠶᠠᠪᠤᠴᠠ ᠳᠤ ᠪᠣᠶ ᠪᠣᠯᠤᠭᠰᠠᠨ ᠪᠤᠶᠤ ᠣᠯᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠲᠤᠬᠠᠢ ᠶᠢᠨ ᠬᠥᠮᠦᠨ ᠤ ᠢᠲᠡᠭᠡᠮᠵᠢ ᠶᠢᠨ ᠪᠠᠶᠢᠳᠠᠯ ᠢ ᠲᠤᠰᠬᠠᠵᠤ ᠳᠡᠶᠢᠯᠬᠦ ᠲᠤᠭ᠎ᠠ ᠪᠠᠷᠢᠮᠲᠠ ᠪᠠ | ᠮᠠᠲ᠋ᠧᠷᠢᠶᠠᠯ ᠢ ᠵᠢᠭᠠᠵᠤ ᠪᠣᠶ᠃ | ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ | ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠭᠡᠳᠡᠭ ᠨᠢ ᠵᠠᠰᠠᠭ ᠤᠨ ᠣᠷᠳᠣᠨ ᠠᠴᠠ ᠠᠬᠢᠭᠤᠯᠤᠨ ᠪᠠᠶᠢᠭᠤᠯᠤᠭᠰᠠᠨ | ᠪᠤᠶᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠲᠣᠭᠲᠠᠭᠠᠭᠰᠠᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠭᠥᠷᠳᠡᠬᠦ ᠠᠷᠭ᠎ᠠ ᠮᠠᠶ᠋ᠢᠭ ᠢᠶᠠᠷ | ᠳᠠᠮᠵᠢᠭᠤᠯᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ | ᠭᠤᠤᠯ ᠴᠣᠭᠴᠠ᠂ ᠨᠡᠶᠢᠭᠡᠮ ᠤᠨ ᠣᠯᠠᠨ ᠨᠡᠶᠢᠲᠡ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ | ᠵᠡᠷᠭᠡ ᠳᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠨᠢᠭᠡᠴᠢ ᠶᠢ ᠵᠢᠭᠠᠵᠤ ᠪᠣᠶ᠃ ᠥᠪᠡᠷᠲᠡᠭᠡᠨ ᠵᠠᠰᠠᠬᠤ | ᠣᠷᠣᠨ ᠵᠢᠴᠢ ᠠᠶᠢᠮᠠᠭ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠪ ᠪᠣᠯ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠭᠤᠤᠯ ᠪᠣᠯᠬᠤ ᠠᠵᠢᠯᠯᠠᠭᠤᠯᠵᠦ ᠦᠢᠯᠡᠴᠢᠯᠡᠬᠦ | ᠪᠠᠶᠢᠭᠤᠯᠤᠮᠵᠢ ᠪᠠᠶᠢᠵᠤ᠂ ᠲᠣᠰ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ | ᠲᠠᠪᠴᠠᠩ ᠤᠨ ᠢᠶᠠᠨ ᠪᠠᠶᠢᠭᠤᠯᠤᠯᠲᠠ᠂ ᠬᠠᠮᠢᠶᠠᠷᠤᠯᠲᠠ ᠵᠢᠴᠢ ᠠᠵᠢᠯᠯᠠᠭᠤᠯᠤᠨ ᠬᠠᠮᠠᠭᠠᠯᠠᠯᠲᠠ ᠬᠢᠬᠦ ᠶᠢ ᠬᠠᠷᠢᠭᠤᠴᠠᠨ᠎ᠠ᠃ | | ᠭᠤᠷᠪᠠᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠨᠢ ᠬᠠᠤᠯᠢ ᠶᠣᠰᠣᠭᠠᠷ | ᠬᠡᠷᠡᠭᠵᠢᠭᠦᠯᠬᠦ᠂ ᠢᠯᠡ ᠲᠣᠳᠣ ᠪᠠᠶᠢᠯᠭᠠᠬᠤ᠂ ᠬᠠᠷᠢᠯᠴᠠᠨ ᠮᠡᠳᠡᠷᠡᠵᠦ ᠬᠠᠮᠲᠤ ᠳᠤ ᠪᠠᠨ ᠭᠥᠷᠳᠡᠬᠦ ᠵᠠᠷᠴᠢᠮ ᠢ | ᠵᠢᠷᠤᠮᠯᠠᠬᠤ ᠬᠡᠷᠡᠭᠲᠡᠶ᠃ | ᠳᠥᠷᠪᠡᠳᠦᠭᠡᠷ ᠵᠦᠢᠯ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ | ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠨᠢ ᠡᠯ᠎ᠡ ᠱᠠᠲᠤᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠨᠢᠭᠡᠳᠦᠯᠲᠡᠶ | ᠲᠥᠯᠥᠪᠯᠡᠨ ᠵᠣᠬᠢᠴᠠᠭᠤᠯᠵᠤ ᠵᠢᠯᠣᠭᠤᠳᠬᠤ ᠶᠢ ᠬᠠᠷᠢᠭᠤᠴᠠᠬᠤ ᠬᠡᠷᠡᠭᠲᠡᠶ᠃ | ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠵᠠᠰᠠᠭ ᠵᠠᠬᠢᠷᠭᠠᠨ ᠤ ᠬᠢᠨᠠᠯᠲᠠ | ᠲᠠᠯᠪᠢᠬᠤ ᠰᠠᠯᠠᠭ᠎ᠠ ᠮᠥᠴᠢᠷ ᠨᠢ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ | ᠲᠤᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠳᠤ ᠬᠢᠨᠠᠯᠲᠠ | ᠲᠠᠯᠪᠢᠬᠤ᠂ ᠬᠠᠮᠢᠶᠠᠷᠤᠯᠲᠠ ᠬᠢᠬᠦ ᠠᠵᠢᠯ ᠢ ᠬᠠᠷᠢᠭᠤᠴᠠᠬᠤ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠢ ᠲᠡᠭᠦᠨ ᠤ ᠬᠠᠷᠢᠶ᠎ᠠ ᠪᠥᠬᠦᠶ ᠢᠲᠡᠭᠡᠮᠵᠢ ᠶᠢᠨ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢᠶᠠᠷ | ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ | ᠦᠢᠯᠡᠴᠢᠯᠡᠭᠡᠨ ᠤ ᠪᠠᠶᠢᠭᠤᠯᠤᠮᠵᠢ ᠨᠢ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ | ᠮᠥᠴᠢᠷ ᠲᠠᠢ ᠬᠠᠮᠲᠤᠷᠠᠯᠴᠠᠨ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ | ᠢᠲᠡᠭᠡᠮᠵᠢ ᠶᠢᠨ ᠲᠣᠨᠨᠳᠠᠯᠴᠠᠭ᠎ᠠ ᠶᠢ ᠨᠢᠭᠡᠳᠦᠯᠲᠡᠶ ᠲᠥᠯᠥᠪᠵᠢᠭᠦᠯᠦᠨ ᠪᠠᠶᠢᠭᠤᠯᠬᠤ ᠪᠠ ᠪᠥᠬᠦ ᠣᠷᠣᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ ᠵᠠᠩᠭᠢ ᠶᠢᠨ ᠬᠥᠮᠥᠷᠭᠡ ᠶᠢ | ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠬᠤ ᠠᠵᠢᠯ ᠵᠢᠴᠢ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠤᠷᠢᠶᠠᠩᠭᠤᠶᠢᠯᠠᠨ ᠨᠡᠶᠢᠲᠡᠯᠡᠬᠦ ᠶᠢ ᠬᠠᠷᠢᠭᠤᠴᠠᠵᠤ᠂ ᠥᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠬᠠᠷᠢᠯᠴᠠᠨ | ᠬᠠᠮᠲᠤ ᠳᠤ ᠪᠠᠨ ᠭᠥᠷᠳᠡᠬᠦ ᠪᠠ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠬᠦ ᠬᠡᠷᠡᠭᠲᠡᠶ᠃ | ᠡᠯ᠎ᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ | ᠪᠠᠶᠢᠭᠤᠯᠤᠮᠵᠢ ᠨᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠠᠢ ᠬᠠᠮᠵᠢᠯᠴᠠᠨ ᠠᠵᠢᠯᠯᠠᠵᠦ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠬᠢᠨᠠᠨ ᠰᠢᠨᠵᠢᠵᠦ᠂ | ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠨ ᠲᠣᠬᠢᠲᠠᠶ ᠰᠠᠶᠢᠲᠤᠷ ᠦᠯᠡᠳᠡᠭᠡᠨ᠂ ᠢᠲᠡᠭᠡᠮᠵᠢ ᠶᠢᠨ ᠮᠡᠳᠡᠭᠡ ᠵᠠᠩᠭᠢ ᠶᠢ | ᠰᠢᠩᠬᠡᠬᠡᠨ ᠲᠡᠮᠳᠡᠭᠯᠡᠬᠦ᠂ ᠴᠤᠭᠯᠠᠭᠤᠯᠤᠨ ᠨᠡᠶᠢᠯᠡᠭᠦᠯᠬᠦ᠂ ᠢᠯᠡ ᠪᠣᠯᠭᠠᠬᠤ᠂ ᠬᠠᠮᠳᠣ ᠳᠤ ᠪᠠᠨ ᠭᠦᠷᠲᠡᠭᠦ ᠪᠠ ᠬᠡᠷᠡᠭᠯᠡᠬᠦ | ᠠᠵᠢᠯ ᠢ ᠰᠠᠶᠢᠲᠤᠷ ᠬᠢᠵᠦ᠂ ᠲᠤᠰ ᠱᠠᠲᠤᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠳᠣ ᠳᠤ ᠪᠠᠨ ᠭᠦᠷᠲᠡᠬᠦ᠂ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ | ᠮᠡᠳᠡᠭᠡ ᠵᠠᠩᠭᠢ ᠶᠢᠨ ᠬᠥᠮᠥᠷᠭᠡ ᠶᠢᠨ ᠳ᠋ᠠᠢᠲ᠋ᠠ ᠯᠤᠭ᠎ᠠ ᠰᠣᠯᠢᠯᠴᠠᠨ ᠵᠠᠯᠭᠠᠯᠳᠤᠭᠤᠯᠬᠤ ᠶᠢ ᠪᠡᠶᠡᠯᠡᠭᠦᠯᠬᠦ ᠬᠡᠷᠡᠭᠲᠡᠶ᠃ | ᠲᠠᠪᠤᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠳ᠋ᠷᠣᠨ ᠦᠢᠯᠡᠴᠢᠯᠡᠭᠡᠨ ᠤ ᠰᠢᠰᠲ᠋ᠧᠮ ᠨᠢ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠳ᠋ᠷᠣᠨ | ᠦᠢᠯᠡᠴᠢᠯᠡᠭᠡᠨ ᠤ ᠰᠢᠰᠲ᠋ᠧᠮ ᠪᠠ ᠡᠯ᠎ᠡ ᠠᠶᠢᠮᠠᠭ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠡᠯᠧᠺᠳ᠋ᠷᠣᠨ ᠦᠢᠯᠡᠴᠢᠯᠡᠭᠡᠨ ᠤ ᠰᠢᠰᠲ᠋ᠧᠮ ᠢᠶᠠᠷ ᠪᠦᠷᠢᠯᠳᠦᠵᠦ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠰᠢᠩᠬᠡᠬᠡᠨ ᠲᠡᠮᠳᠡᠭᠯᠡᠬᠦ᠂ ᠴᠤᠭᠯᠠᠭᠤᠯᠤᠨ | ᠨᠡᠶᠢᠯᠡᠭᠦᠯᠬᠦ᠂ ᠬᠠᠮᠳᠣ ᠳᠤ ᠪᠠᠨ ᠭᠦᠷᠲᠡᠬᠦ᠂ ᠰᠢᠨᠡᠳᠬᠡᠬᠦ᠂ ᠬᠡᠷᠡᠭᠯᠡᠬᠦ ᠶᠢᠨ ᠠᠴᠢᠶᠠᠯᠠᠪᠤᠷᠢ ᠪᠠ ᠵᠠᠩᠭᠢᠯᠠᠭ᠎ᠠ ᠪᠣᠯᠣᠨ᠎ᠠ᠃ | ᠬᠤᠶᠠᠳᠤᠭᠠᠷ ᠪᠦᠯᠦᠭ ᠢᠲᠡᠭᠡᠮᠵᠢ ᠶᠢᠨ ᠮᠡᠳᠡᠭᠡ ᠵᠠᠩᠭᠢ ᠶᠢ ᠰᠢᠩᠬᠡᠬᠡᠨ ᠲᠡᠮᠳᠡᠭᠯᠡᠬᠦ ᠪᠠ ᠴᠤᠭᠯᠠᠭᠤᠯᠤᠨ | ᠨᠡᠶᠢᠯᠡᠭᠦᠯᠬᠦ | ᠵᠢᠷᠭᠤᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠳᠤ ᠦᠨᠳᠦᠰᠦᠨ | ᠮᠡᠳᠡᠭᠡ ᠵᠠᠩᠭᠢ᠂ ᠠᠮᠠᠯᠠᠯᠲᠠ ᠶᠢᠨ ᠮᠡᠳᠡᠭᠡ ᠵᠠᠩᠭᠢ᠂ ᠱᠠᠩᠨᠠᠯ ᠤᠨ ᠮᠡᠳᠡᠭᠡ ᠵᠠᠩᠭᠢ ᠪᠠ ᠵᠠᠯᠬᠠᠭᠠᠨ ᠴᠡᠭᠡᠷᠯᠡᠭᠦᠯᠬᠦ | ᠮᠡᠳᠡᠭᠡ ᠵᠠᠩᠭᠢ ᠪᠠᠭᠲᠠᠨ᠎ᠠ᠃ | ᠳᠣᠯᠣᠳᠤᠭᠠᠷ ᠵᠦᠢᠯ | ᠦᠨᠳᠦᠰᠦᠨ ᠮᠡᠳᠡᠭᠡ ᠵᠠᠩᠭᠢ ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ | ᠬᠥᠮᠦᠨ ᠤ ᠦᠨᠳᠦᠰᠦᠨ ᠪᠠᠶᠢᠳᠠᠯ ᠢ ᠢᠯᠭᠠᠨ ᠲᠠᠨᠢᠵᠤ ᠪᠣᠯᠬᠤ᠂ ᠵᠠᠳᠠᠯᠤᠯᠲᠠ ᠬᠢᠬᠦ ᠪᠠ ᠮᠠᠭᠠᠳᠯᠠᠵᠤ ᠪᠣᠯᠬᠤ ᠮᠡᠳᠡᠭᠡ | ᠵᠠᠩᠭᠢ ᠶᠢ ᠵᠢᠭᠠᠵᠤ ᠪᠣᠶ᠃ ᠡᠭᠦᠨ ᠳᠤ ᠭᠤᠣᠯᠳᠠᠭᠤ᠄ | ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠲᠡᠮᠳᠡᠭᠯᠡᠬᠦ ᠪᠠᠶᠢᠭᠤᠯᠭ᠎ᠠ ᠳᠤ | ᠳᠡᠩᠰᠡᠯᠡᠨ ᠲᠡᠮᠳᠡᠭᠯᠡᠬᠦᠯᠦᠭᠰᠡᠨ ᠮᠡᠳᠡᠭᠡ ᠵᠠᠩᠭᠢ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠂ | ᠬᠢᠷᠢ ᠴᠢᠳᠠᠮᠵᠢ᠂ ᠠᠵᠢᠯ ᠤᠨ ᠠᠮᠵᠢᠯᠲᠠ ᠪᠦᠲᠦᠮᠵᠢ ᠵᠡᠷᠭᠡ ᠮᠡᠳᠡᠭᠡ ᠵᠠᠩᠭᠢ︔ | ᠪᠠᠶᠢᠭᠠᠯᠢ ᠬᠥᠮᠦᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠳᠡᠩᠰᠡᠯᠡᠨ ᠲᠡᠮᠳᠡᠭᠯᠡᠬᠦᠯᠦᠭᠰᠡᠨ | ᠬᠤᠪᠢ ᠬᠥᠮᠦᠨ ᠤ ᠪᠡᠶ᠎ᠡ ᠭᠠᠷᠤᠯ ᠢ ᠢᠯᠭᠠᠨ ᠲᠠᠨᠢᠬᠤ ᠮᠡᠳᠡᠭᠡ ᠵᠠᠩᠭᠢ᠂ ᠢᠲᠡᠭᠡᠮᠵᠢ ᠶᠢᠨ ᠮᠡᠳᠡᠭᠡ ᠵᠠᠩᠭᠢ ᠶᠢᠨ | ᠬᠥᠮᠥᠷᠭᠡ ᠳᠤ ᠲᠤᠰᠢᠶᠠᠬᠤ ᠴᠢᠬᠤᠯᠠᠲᠠᠶ ᠳᠠᠩᠰᠠᠯᠠᠭᠤᠯᠤᠭᠰᠠᠨ ᠠᠵᠢᠯ ᠡᠷᠭᠢᠯᠡᠭᠰᠡᠳ ᠤᠨ ᠰᠤᠷᠤᠯᠭ᠎ᠠ ᠶᠢᠨ ᠨᠠᠮᠲᠠᠷ᠂ | ᠮᠡᠷᠭᠡᠵᠢᠯ ᠤᠨ ᠴᠣᠯᠠ᠂ ᠠᠵᠢᠯ ᠡᠷᠭᠢᠯᠡᠬᠦ ᠬᠢᠷᠢ ᠬᠡᠮ ᠵᠡᠷᠭᠡ ᠮᠡᠳᠡᠭᠡ ᠵᠠᠩᠭᠢ ᠪᠠᠭᠳᠠᠨ᠎ᠠ᠃ | ᠨᠠᠢᠮᠠᠳᠤᠭᠠᠷ ᠵᠦᠢᠯ | ᠠᠮᠠᠯᠠᠯᠲᠠ ᠶᠢᠨ ᠮᠡᠳᠡᠭᠡ ᠵᠠᠩᠭᠢ ᠭᠡᠳᠡᠭ ᠨᠢ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠨᠤᠭᠤᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠣᠷᠣᠯᠴᠠᠬᠤ | ᠶᠠᠪᠤᠴᠠ ᠳᠤ ᠵᠢᠷᠤᠮᠵᠢᠭᠰᠠᠨ ᠬᠡᠯᠪᠡᠷᠢ ᠪᠠᠷ ᠨᠡᠶᠢᠭᠡᠮ ᠳᠤ ᠢᠯᠡ ᠪᠠᠷ ᠠᠮᠠᠯᠳᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ | ᠵᠢᠭᠠᠵᠤ ᠪᠤᠶ᠃ | ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠨᠢ ᠤᠯᠠᠨ ᠨᠡᠶᠢᠲᠠ ᠶᠢᠨ ᠡᠬᠢ | ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠣᠷᠣᠯᠴᠠᠬᠤ ᠠᠴᠠ ᠡᠮᠦᠨ᠎ᠡ᠂ ᠵᠢᠷᠤᠮᠵᠢᠭᠰᠠᠨ ᠬᠡᠯᠪᠡᠷᠢ ᠪᠠᠷ | ᠨᠡᠶᠢᠭᠡᠮ ᠳᠤ ᠢᠯᠡ ᠪᠠᠷ ᠠᠮᠠᠯᠠᠯᠲᠠ ᠬᠢᠬᠦ ᠬᠡᠷᠡᠭᠲᠡᠢ᠃ | ᠠᠮᠠᠯᠠᠯᠲᠠ ᠶᠢᠨ ᠮᠡᠳᠡᠭᠡ ᠵᠠᠩᠭᠢ ᠶᠢ ᠲᠤᠬᠠᠢ ᠶᠢᠨ ᠬᠥᠮᠦᠨ ᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ | ᠬᠡᠷᠡᠭᠲᠡᠢ᠃ | ᠶᠢᠰᠦᠳᠦᠭᠡᠷ ᠵᠦᠢᠯ | ᠱᠠᠩᠨᠠᠯ ᠤᠨ ᠮᠡᠳᠡᠭᠡ ᠵᠠᠩᠭᠢ ᠭᠡᠳᠡᠭ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ | ᠬᠥᠮᠦᠨ ᠤ ᠣᠯᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠲᠠᠢ ᠬᠤᠯᠪᠣᠭᠳᠠᠭᠰᠠᠨ᠂ ᠲᠥᠷᠥ ᠶᠢᠨ | ᠶᠠᠪᠤᠳᠠᠯ ᠤᠨ ᠬᠤᠷᠢᠶ᠎ᠠ ᠪᠤᠶᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠵᠦ | ᠦᠯᠡᠳᠡᠭᠡᠭᠰᠡᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠴᠦ ᠰᠠᠶᠢᠰᠢᠶᠠᠨ ᠬᠥᠬᠢᠭᠦᠯᠬᠦ ᠲᠥᠷᠥᠯ ᠵᠦᠢᠯ ᠤᠨ ᠱᠠᠩᠨᠠᠯ | ᠣᠯᠤᠭᠰᠠᠨ ᠮᠡᠳᠡᠭᠡ ᠵᠠᠩᠭᠢ ᠶᠢ ᠵᠢᠭᠠᠵᠤ ᠪᠣᠶ᠃ | ᠠᠷᠪᠠᠳᠤᠭᠠᠷ ᠵᠦᠢᠯ | ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠭᠡᠳᠡᠭ ᠨᠢ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ | ᠂ ᠬᠠᠤᠯᠢ ᠴᠠᠭᠠᠵᠠ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ | ᠨᠡᠶᠢᠲᠡ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠪᠠᠶᠢᠭᠤᠯᠤᠮᠵᠢ ᠠᠴᠠ ᠬᠠᠤᠯᠢ | ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠭᠦᠭᠰᠡᠨ ᠪᠤᠶᠤ ᠰᠢᠢᠳᠪᠦᠷᠢᠯᠡᠬᠦ ᠲᠣᠭᠲᠠᠭᠠᠯ ᠭᠠᠷᠭᠠᠭᠰᠠᠨ | ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠨᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠬᠢᠬᠦ ᠶᠠᠪᠤᠴᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠪᠣᠯᠵᠣᠨ ᠲᠣᠭᠲᠠᠭᠰᠠᠨ | ᠡᠭᠦᠷᠭᠡ ᠪᠠ ᠠᠮᠠᠯᠠᠯᠲᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠥᠬᠡᠶ ᠵᠡᠷᠭᠡ ᠢᠲᠡᠭᠡᠮᠵᠢ ᠠᠯᠳᠠᠭᠰᠠᠨ ᠮᠡᠳᠡᠭᠡ | ᠵᠠᠩᠭᠢ ᠶᠢ ᠵᠢᠭᠠᠵᠤ ᠪᠣᠶ᠃ | ᠠᠷᠪᠠᠨ ᠨᠢᠭᠡᠳᠦᠭᠡᠷ ᠵᠦᠢᠯ | ᠳᠠᠭᠠᠭᠠᠴᠢᠯᠠᠯᠲᠠ ᠵᠠᠷᠯᠠᠭᠴᠢ᠂ ᠬᠤᠳᠠᠯᠳᠤᠨ ᠠᠪᠤᠭᠴᠢ᠂ ᠲᠦᠯᠦᠪᠦᠷᠢᠲᠡᠢ ᠰᠢᠯᠵᠢᠭᠦᠯᠦᠭᠴᠢ᠂ ᠰᠢᠯᠵᠢᠭᠦᠯᠦᠨ | ᠥᠭᠭᠦᠭᠴᠢ᠂ ᠨᠠᠶᠢᠳᠠᠭᠴᠢ ᠵᠡᠷᠭᠡ ᠲᠥᠷᠥᠯ ᠵᠦᠢᠯ ᠢ ᠡᠭᠦᠰᠭᠡᠨ ᠪᠠᠶᠢᠭᠤᠯᠤᠭᠴᠢ ᠶᠢᠨ ᠢᠲᠡᠭᠡᠯ ᠠᠯᠳᠠᠭᠰᠠᠨ ᠦᠢᠯᠡ | ᠠᠵᠢᠯᠯᠠᠭ᠎ᠠ ᠳᠤ ᠭᠤᠤᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄ | ︵ᠨᠢᠭᠡ︶ ᠬᠠᠤᠯᠢ ᠴᠠᠭᠠᠵᠠ ᠶᠢᠨ ᠲᠣᠭᠲᠠᠭᠠᠯ ᠠᠴᠠ ᠵᠥᠷᠢᠴᠡᠵᠦ᠂ ᠳᠠᠭᠠᠭᠠᠴᠢᠯᠠᠯᠲᠠ ᠵᠠᠷᠯᠠᠬᠤ ᠴᠢᠬᠤᠯᠠᠳᠠᠢ | ᠲᠦᠷᠦᠯ ᠵᠦᠢᠯ ᠪᠠᠶᠢᠲᠠᠯ᠎ᠠ ᠳᠠᠭᠠᠭᠠᠴᠢᠯᠠᠯᠲᠠ ᠵᠠᠷᠯᠠᠬᠤ ᠤᠢᠭᠡᠢ᠂ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠦᠷᠦᠯ | ᠵᠦᠢᠯ ᠢ ᠬᠡᠰᠡᠭᠯᠡᠨ ᠰᠠᠯᠭᠠᠭᠰᠠᠨ ᠪᠤᠶᠤ ᠪᠤᠰᠤᠳ ᠶᠠᠮᠠᠷᠪᠠ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠵᠠᠷᠯᠠᠬᠤ ᠠᠴᠠ | ᠵᠠᠶᠢᠯᠠᠭᠰᠠᠨ᠂ ᠳᠠᠭᠠᠭᠠᠴᠢᠯᠠᠯᠲᠠ ᠵᠠᠷᠯᠠᠭᠴᠢ ᠬᠠᠤᠯᠢ ᠶᠣᠰᠣᠭᠠᠷ ᠢᠯᠠ ᠪᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ | ᠪᠠᠶᠢᠲᠠᠯ᠎ᠠ ᠬᠠᠷᠢᠨ ᠤᠷᠢᠵᠤ ᠳᠠᠭᠠᠭᠠᠴᠢᠯᠠᠯᠲᠠ ᠵᠠᠷᠯᠠᠭᠰᠠᠨ ᠪᠠᠶᠢᠬᠤ︔ | ︵ᠬᠤᠶᠠᠷ︶ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠬᠦᠯᠢᠶᠡᠬᠦ ᠪᠣᠯᠤᠮᠵᠢᠲᠠᠢ ᠬᠥᠮᠦᠨ ᠢ ᠵᠦᠢ | ᠵᠤᠬᠢᠰ ᠦᠭᠡᠢ ᠨᠥᠬᠦᠴᠡᠯ ᠢᠶᠠᠷ ᠬᠢᠵᠠᠭᠠᠷᠯᠠᠭᠰᠠᠨ ᠪᠤᠶᠤ ᠭᠠᠳᠠᠭᠤᠷᠴᠢᠯᠠᠭᠰᠠᠨ᠂ ᠳᠠᠭᠠᠭᠠᠴᠢᠯᠠᠯᠲᠠ ᠬᠦᠯᠢᠶᠡᠬᠦ | ᠪᠣᠯᠤᠮᠵᠢᠲᠠᠢ ᠬᠥᠮᠦᠨ ᠳᠤ ᠠᠯᠠᠭᠴᠢᠯᠠᠨ ᠬᠠᠨᠳᠤᠬᠤ ᠶᠢ ᠬᠡᠷᠡᠭᠵᠢᠭᠦᠯᠦᠭᠰᠡᠨ᠂ ᠳᠠᠭᠠᠭᠠᠴᠢᠯᠠᠯᠲᠠ ᠬᠦᠯᠢᠶᠡᠭᠴᠢ ᠶᠢ | ᠬᠤᠯᠪᠣᠭᠠᠲᠤ ᠴᠣᠭᠴᠠ ᠪᠠᠶᠢᠭᠤᠯᠵᠤ ᠬᠠᠮᠲᠤ ᠪᠠᠷ ᠳᠠᠭᠠᠭᠠᠴᠢᠯᠠᠯᠲᠠ ᠬᠦᠯᠢᠶᠡᠯᠭᠡᠬᠦ ᠪᠠᠷ ᠠᠯᠪᠡᠳᠡᠠ ᠱᠠᠭᠠᠷᠳᠠᠭᠰᠠᠨ | ᠪᠤᠶᠤ ᠳᠠᠭᠠᠭᠠᠴᠢᠯᠠᠯᠲᠠ ᠬᠦᠯᠢᠶᠡᠭᠴᠢ ᠶᠢᠨ ᠬᠤᠭᠤᠷᠣᠨᠳᠣᠬᠢ ᠥᠷᠢᠰᠥᠯᠳᠦᠭᠡᠨ ᠢ ᠬᠢᠵᠠᠭᠠᠷᠯᠠᠭᠰᠠᠨ ᠪᠠᠶᠢᠬᠤ︔ | ︵ᠭᠤᠷᠪᠠ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠢᠷᠢ ᠬᠡᠮ ᠢ ᠤᠷᠢᠳᠴᠢᠯᠠᠨ ᠬᠢᠨᠠᠭᠰᠠᠨ ᠪᠢᠴᠢᠭ | ᠮᠠᠲ᠋ᠧᠷᠢᠶᠠᠯ ᠢ ᠬᠤᠳᠠᠯᠳᠤᠬᠤ᠂ ᠲᠣᠳᠣᠷᠬᠠᠶᠢᠯᠠᠬᠤ᠂ ᠵᠠᠰᠠᠪᠤᠷᠢ ᠣᠷᠣᠭᠤᠯᠬᠤ ᠴᠠᠭ ᠬᠤᠭᠤᠴᠠᠭ᠎ᠠ ᠪᠤᠶᠤ ᠬᠢᠷᠢ ᠬᠡᠮ ᠢ | ᠤᠷᠢᠳᠴᠢᠯᠠᠨ ᠬᠢᠨᠠᠭᠤᠯᠬᠤ ᠭᠤᠶᠤᠴᠢᠯᠠᠯ ᠤᠨ ᠪᠢᠴᠢᠭ ᠮᠠᠲ᠋ᠧᠷᠢᠶᠠᠯ᠂ ᠳᠠᠭᠠᠭᠠᠴᠢᠯᠠᠯᠲᠠ ᠬᠦᠯᠢᠶᠡᠬᠦ ᠪᠢᠴᠢᠭ | ᠮᠠᠲ᠋ᠧᠷᠢᠶᠠᠯ ᠢᠶᠠᠨ ᠲᠤᠰᠢᠶᠠᠬᠤ ᠪᠠᠷ ᠲᠣᠭᠲᠠᠭᠠᠭᠰᠠᠨ ᠴᠠᠭ ᠬᠤᠭᠤᠴᠠᠭ᠎ᠠ ᠨᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠳᠤ ᠨᠡᠶᠢᠴᠡᠬᠦ ᠦᠭᠡᠶ ᠪᠠᠶᠢᠬᠤ︔ | ︵ᠳᠥᠷᠪᠡ︶ ᠳᠠᠭᠠᠭᠠᠴᠢᠯᠠᠯᠲᠠ ᠵᠠᠷᠯᠠᠭᠴᠢ ᠨᠢ ᠬᠢᠷᠢ ᠬᠡᠮ ᠤᠨ ᠤᠷᠢᠳᠴᠢᠯᠠᠨ ᠬᠢᠨᠠᠯᠲᠠ ᠶᠢ ᠥᠩᠭᠡᠷᠡᠭᠡᠭᠰᠡᠨ | ᠦᠭᠡᠢ ᠨᠢᠭᠡᠴᠢ ᠪᠤᠶᠤ ᠬᠤᠪᠢ ᠬᠥᠮᠦᠨ ᠤ ᠳᠠᠭᠠᠭᠠᠴᠢᠯᠠᠯᠲᠠ ᠬᠦᠯᠢᠶᠡᠬᠦ ᠳᠤ ᠣᠷᠤᠯᠴᠠᠬᠤ ᠶᠢ ᠬᠦᠯᠢᠶᠡᠠ ᠠᠪᠤᠭᠰᠠᠨ | ᠪᠠᠶᠢᠬᠤ︔ | ︵ᠲᠠᠪᠤ︶ ᠳᠠᠭᠠᠭᠠᠴᠢᠯᠠᠯᠲᠠ ᠵᠠᠷᠯᠠᠭᠴᠢ ᠨᠢ ᠲᠡᠪᠴᠢᠪᠡᠰᠦ ᠵᠣᠬᠢᠬᠤ ᠳᠠᠭᠠᠭᠠᠴᠢᠯᠠᠯᠲᠠ ᠬᠦᠯᠢᠶᠡᠬᠦ ᠪᠢᠴᠢᠭ | ᠮᠠᠲ᠋ᠧᠷᠢᠶᠠᠯ ᠢ ᠬᠦᠯᠢᠶᠡᠨ ᠠᠪᠤᠭᠰᠠᠨ ᠪᠠᠶᠢᠬᠤ︔ | ︵ᠵᠢᠷᠭᠤᠭ᠎ᠠ︶ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠣᠯᠣᠭᠰᠠᠨ ᠳᠠᠭᠠᠭᠠᠴᠢᠯᠠᠯᠲᠠ | ᠬᠦᠯᠢᠶᠡᠬᠦ ᠪᠣᠯᠤᠮᠵᠢᠲᠠᠢ ᠬᠥᠮᠦᠨ ᠤ ᠨᠡᠷᠡᠶᠢᠳᠦᠯ᠂ ᠲᠤᠭ᠎ᠠ ᠬᠡᠮᠵᠢᠶ᠎ᠡ ᠪᠤᠶᠤ ᠲᠥᠪ ᠭᠤᠣᠯᠴᠢ ᠦᠷᠢᠰᠦᠯᠳᠦᠭᠡᠨ ᠢ | ᠨᠦᠯᠦᠭᠡᠯᠡᠬᠦ ᠪᠣᠯᠣᠯᠴᠠᠭ᠎ᠠ ᠲᠠᠢ ᠳᠠᠭᠠᠭᠠᠴᠢᠯᠠᠯᠲᠠ ᠵᠠᠷᠯᠠᠵᠦ ᠳᠠᠭᠠᠭᠠᠴᠢᠯᠠᠯᠲᠠ ᠬᠦᠯᠢᠶᠡᠬᠦ ᠳᠤ ᠬᠤᠯᠪᠣᠭᠳᠠᠬᠤ ᠪᠤᠰᠤᠳ | ᠪᠠᠶᠢᠳᠠᠯ ᠢ ᠪᠤᠰᠤᠳ ᠲᠤ ᠵᠠᠳᠠᠷᠠᠭᠤᠯᠤᠭᠰᠠᠨ᠂ ᠡᠰᠡᠬᠦᠯ᠎ᠡ ᠳᠠᠭᠠᠭᠠᠴᠢᠯᠠᠯᠲᠠ ᠶᠢᠨ ᠲᠦᠰᠦᠭᠡᠯᠡᠵᠦ ᠲᠣᠭᠲᠠᠭᠠᠭᠰᠠᠨ | ᠰᠠᠭᠤᠷᠢ ᠦᠨ᠎ᠡ ᠶᠢ ᠵᠠᠳᠠᠷᠠᠭᠤᠯᠤᠭᠰᠠᠨ ᠪᠠᠶᠢᠬᠤ︔ | ︵ᠲᠤᠯᠤᠭ᠎ᠠ︶ ᠳᠠᠭᠠᠭᠠᠴᠢᠯᠠᠯᠲᠠ ᠵᠠᠷᠯᠠᠭᠴᠢ ᠬᠢᠭᠡᠳ ᠳᠠᠭᠠᠭᠠᠴᠢᠯᠠᠯᠲᠠ ᠬᠦᠯᠢᠶᠡᠭᠴᠢ ᠰᠦᠯᠪᠡᠭᠡᠯᠳᠦᠵᠦ | ᠳᠠᠭᠠᠭᠠᠴᠢᠯᠠᠯᠲᠠ ᠬᠦᠯᠢᠶᠡᠭᠰᠡᠨ ᠪᠠᠶᠢᠬᠤ︔ | ︵ᠨᠠᠢᠮᠠ︶ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠭᠴᠢ ᠨᠢ ᠲᠣᠭᠲᠠᠭᠠᠯ ᠶᠣᠰᠣᠭᠠᠷ ᠳᠠᠭᠠᠭᠠᠴᠢᠯᠠᠯᠲᠠ ᠦᠨᠡᠯᠡᠬᠦ ᠺᠣᠮᠢᠰ ᠪᠠᠶᠢᠭᠤᠯᠤᠭᠰᠠᠨ ᠦᠬᠡᠢ ᠪᠤᠶᠤ | ᠳᠠᠭᠠᠭᠠᠴᠢᠯᠠᠯᠲᠠ ᠦᠨᠡᠯᠡᠬᠦ ᠺᠣᠮᠢᠰ ᠤᠨ ᠪᠦᠷᠢᠯᠳᠦᠬᠦᠨ ᠢ ᠲᠣᠭᠲᠠᠭᠠᠬᠤ᠂ ᠰᠣᠯᠢᠬᠤ ᠳᠤ ᠪᠠᠨ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠬᠤ︔ | ︵ᠶᠢᠰᠦ︶ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢᠯ ᠳᠤ᠂ ᠳᠠᠭᠠᠭᠠᠴᠢᠯᠠᠯᠲᠠ | ᠵᠠᠷᠯᠠᠭᠴᠢ ᠨᠢ ᠬᠠᠤᠯᠢ ᠴᠠᠭᠠᠵᠠ ᠶᠢᠨ ᠲᠣᠭᠲᠠᠭᠠᠯ ᠠᠴᠠ ᠵᠥᠷᠢᠴᠡᠵᠦ᠂ ᠳᠠᠭᠠᠭᠠᠴᠢᠯᠠᠯᠲᠠ ᠬᠦᠯᠢᠶᠡᠭᠴᠢ ᠲᠠᠢ | ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ᠂ ᠳᠠᠭᠠᠭᠠᠴᠢᠯᠠᠯᠲᠠ ᠬᠦᠯᠢᠶᠡᠬᠦ ᠲᠥᠰᠦᠯ ᠵᠡᠷᠭᠡ ᠮᠦᠨ ᠴᠢᠨᠠᠷ ᠤᠨ | ᠠᠭᠤᠯᠭ᠎ᠠ ᠶᠢᠨ ᠲᠤᠬᠠᠢ ᠬᠡᠯᠡᠯᠴᠡᠭᠡ ᠬᠢᠭᠰᠡᠨ ᠪᠠᠶᠢᠬᠤ︔ | ︵ᠠᠷᠪᠠ︶ ᠳᠠᠭᠠᠭᠠᠴᠢᠯᠠᠯᠲᠠ ᠵᠠᠷᠯᠠᠭᠴᠢ ᠠᠴᠠ ᠳᠠᠭᠠᠭᠠᠴᠢᠯᠠᠯᠲᠠ ᠦᠨᠡᠯᠡᠬᠦ ᠺᠣᠮᠢᠰ ᠤᠨ ᠬᠠᠤᠯᠢ ᠶᠣᠰᠣᠭᠠᠷ | ᠲᠠᠨᠢᠯᠴᠠᠭᠤᠯᠤᠭᠰᠠᠨ ᠳᠠᠭᠠᠭᠠᠴᠢᠯᠠᠯᠲᠠ ᠤᠨᠤᠬᠤ ᠪᠠᠷ ᠵᠢᠱᠢᠭᠳᠡᠭᠰᠡᠳ ᠠᠴᠠ ᠭᠠᠳᠠᠭᠤᠷ ᠳᠠᠭᠠᠭᠠᠴᠢᠯᠠᠯᠲᠠ ᠣᠨᠣᠭᠴᠢ ᠶᠢ | ᠲᠣᠭᠲᠠᠭᠠᠭᠰᠠᠨ᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠴᠢᠬᠤᠯᠠᠳᠠᠢ ᠲᠥᠷᠥᠯ ᠵᠦᠢᠯ ᠳᠤ ᠪᠦᠬᠦ | ᠳᠠᠭᠠᠭᠠᠴᠢᠯᠠᠯᠲᠠ ᠬᠦᠯᠢᠶᠡᠯᠲᠡ ᠶᠢ ᠳᠠᠭᠠᠭᠠᠴᠢᠯᠠᠯᠲᠠ ᠦᠨᠡᠯᠡᠬᠦ ᠺᠣᠮᠢᠰ ᠠᠴᠠ ᠦᠭᠡᠶᠢᠰᠬᠡᠭᠰᠡᠨ ᠤ ᠲᠡᠷᠠᠭ᠎ᠠ | ᠥᠪᠡᠰᠦᠪᠡᠨ ᠳᠠᠭᠠᠭᠠᠴᠢᠯᠠᠯᠲᠠ ᠤᠨᠤᠨᠨᠴᠢ ᠶᠢ ᠲᠣᠭᠲᠠᠭᠠᠭᠰᠠᠨ ᠪᠠᠶᠢᠬᠤ︔ | ︵ᠠᠷᠪᠠᠨ ᠨᠢᠭᠡ︶ ᠳᠠᠭᠠᠭᠠᠴᠢᠯᠠᠯᠲᠠ ᠵᠠᠷᠯᠠᠭᠴᠢ ᠬᠢᠭᠡᠳ ᠳᠠᠭᠠᠭᠠᠴᠢᠯᠠᠯᠲᠠ ᠣᠨᠣᠭᠴᠢ ᠨᠢ ᠳᠠᠭᠠᠭᠠᠴᠢᠯᠠᠯᠲᠠ | ᠵᠠᠷᠯᠠᠭᠰᠠᠨ ᠪᠢᠴᠢᠭ ᠮᠠᠲ᠋ᠧᠷᠢᠶᠠᠯ ᠪᠠ ᠳᠠᠭᠠᠭᠠᠴᠢᠯᠠᠯᠲᠠ ᠣᠨᠣᠭᠴᠢ ᠶᠢᠨ ᠳᠠᠭᠠᠭᠠᠴᠢᠯᠠᠯᠲᠠ ᠬᠦᠯᠢᠶᠡᠬᠦ ᠪᠢᠴᠢᠭ | ᠮᠠᠲ᠋ᠧᠷᠢᠶᠠᠯ ᠤᠨ ᠶᠣᠰᠣᠭᠠᠷ ᠭᠡᠷ᠎ᠡ ᠲᠣᠭᠲᠠᠭᠠᠭᠰᠠᠨ ᠦᠭᠡᠢ᠂ ᠡᠰᠡᠬᠦᠯ᠎ᠡ ᠳᠠᠭᠠᠭᠠᠴᠢᠯᠠᠯᠲᠠ ᠵᠠᠷᠯᠠᠭᠴᠢ᠂ | ᠳᠠᠭᠠᠭᠠᠴᠢᠯᠠᠯᠲᠠ ᠣᠨᠣᠭᠴᠢ ᠨᠢ ᠭᠡᠷ᠎ᠡ ᠶᠢᠨ ᠮᠥᠨ ᠴᠢᠨᠠᠷ ᠤᠨ ᠠᠭᠤᠯᠭ᠎ᠠ ᠠᠴᠠ ᠲᠡᠷᠰᠯᠡᠭᠰᠡᠨ ᠬᠡᠯᠡᠯᠴᠡᠭᠡᠷ | ᠲᠣᠭᠲᠠᠭᠠᠭᠰᠠᠨ ᠪᠠᠶᠢᠬᠤ︔ | ︵ᠠᠷᠪᠠᠨ ᠬᠤᠶᠠᠷ︶ ᠳᠠᠭᠠᠭᠠᠴᠢᠯᠠᠯᠲᠠ ᠵᠠᠷᠯᠠᠭᠴᠢ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ | ᠲᠣᠭᠲᠠᠭᠠᠭᠰᠠᠨ ᠬᠠᠷᠢᠴᠠᠯ ᠠᠴᠠ ᠳᠠᠪᠠᠭᠤᠯᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ᠂ ᠪᠣᠯᠵᠤᠭ᠎ᠠ | ᠭᠦᠢᠴᠡᠳᠬᠡᠬᠦ ᠪᠠᠲᠤᠯᠠᠭ᠎ᠠ ᠶᠢᠨ ᠮᠥᠩᠭᠦ ᠬᠤᠷᠢᠶᠠᠭᠰᠠᠨ ᠪᠤᠶᠤ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ | ᠵᠢᠴᠢ ᠪᠠᠩᠬᠢ ᠶᠢᠨ ᠠᠳᠠᠯᠢ ᠬᠤᠭᠤᠴᠠᠭᠠᠨ ᠤ ᠬᠠᠳᠠᠭᠠᠯᠠᠮᠵᠢ ᠶᠢᠨ ᠬᠦᠦ ᠮᠥᠩᠭᠦ ᠶᠢ ᠲᠣᠭᠲᠠᠭᠠᠯ ᠶᠣᠰᠣᠭᠠᠷ | ᠪᠤᠴᠠᠭᠠᠵᠤ ᠥᠭᠭᠦᠭᠰᠡᠨ ᠦᠭᠡᠶ ᠪᠠᠶᠢᠬᠤ︔ | ︵ᠠᠷᠪᠠᠨ ᠭᠤᠷᠪᠠ︶ ᠳᠠᠭᠠᠭᠠᠴᠢᠯᠠᠯᠲᠠ ᠵᠠᠷᠯᠠᠭᠴᠢ ᠨᠢ ᠦᠪᠡᠰᠦᠪᠡᠨ ᠳᠠᠭᠠᠭᠠᠴᠢᠯᠠᠯᠲᠠ ᠵᠠᠷᠯᠠᠬᠤ ᠨᠥᠬᠦᠴᠡᠯ ᠢ | ᠪᠦᠷᠢᠯᠳᠦᠭᠦᠯᠦᠭᠰᠡᠨ ᠦᠭᠡᠢ ᠪᠠᠶᠢᠭᠠᠳ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ | ᠪᠠ ᠳᠠᠭᠠᠭᠠᠴᠢᠯᠠᠯᠲᠠ ᠵᠠᠷᠯᠠᠬᠤ ᠶᠢ ᠵᠣᠬᠢᠶᠠᠨ ᠪᠠᠶᠢᠭᠤᠯᠬᠤ ᠶᠠᠪᠤᠴᠠ ᠳᠤ ᠬᠦᠨᠳᠦ ᠶᠡᠭᠡ ᠠᠯᠳᠠᠭ᠎ᠠ ᠪᠤᠷᠤᠭᠤ ᠭᠠᠷᠭᠠᠵᠤ | ᠂ ᠳᠠᠭᠠᠭᠠᠴᠢᠯᠠᠯᠲᠠ ᠵᠠᠷᠯᠠᠬᠤ ᠶᠢ ᠨᠦᠯᠦᠭᠡᠯᠡᠭᠰᠡᠨ ᠪᠠᠶᠢᠬᠤ︔ | ︵ᠠᠷᠪᠠᠨ ᠳᠥᠷᠪᠡ︶ ᠬᠤᠳᠠᠯᠳᠤᠨ ᠠᠪᠤᠭᠴᠢ ᠨᠢ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ | ᠬᠤᠳᠠᠯᠳᠤᠨ ᠠᠪᠬᠤ ᠴᠢᠬᠤᠯᠠᠳᠠᠢ ᠪᠠᠶᠢᠲᠠᠯ᠎ᠠ ᠳᠤᠷ᠎ᠠ ᠪᠠᠷ ᠪᠤᠰᠤᠳ ᠠᠷᠭ᠎ᠠ ᠮᠠᠶ᠋ᠢᠭ ᠢ ᠬᠡᠷᠡᠭᠯᠡᠵᠦ ᠬᠤᠳᠠᠯᠳᠤᠨ ᠠᠪᠬᠤ | ᠂ ᠬᠤᠳᠠᠯᠳᠤᠨ ᠠᠪᠬᠤ ᠪᠠᠷᠢᠮᠵᠢᠶ᠎ᠠ ᠪᠠᠨ ᠳᠤᠷ᠎ᠠ ᠪᠠᠷ ᠳᠡᠭᠡᠭᠰᠢᠯᠡᠭᠦᠯᠦᠨ᠂ ᠵᠦᠶ ᠵᠣᠬᠢᠰ ᠦᠭᠡᠶ ᠨᠥᠬᠦᠴᠡᠯ ᠢᠶᠠᠷ | ᠬᠠᠩᠭᠠᠯᠭ᠎ᠠ ᠶᠢᠨ ᠬᠤᠳᠠᠯᠳᠤᠭᠠᠴᠢᠨ ᠳᠤ ᠢᠯᠭᠠᠭ᠎ᠠ ᠲᠠᠢ ᠣᠯᠭᠤᠮᠵᠢ ᠪᠤᠶᠤ ᠭᠠᠳᠠᠭᠤᠷᠴᠢᠯᠠᠭᠰᠠᠨ ᠣᠯᠭᠤᠮᠵᠢ | ᠬᠦᠷᠲᠡᠭᠡᠵᠦ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠤᠴᠠ ᠳᠤ ᠳᠠᠭᠠᠭᠠᠴᠢᠯᠠᠯᠲᠠ ᠬᠦᠯᠢᠶᠡᠭᠴᠢ ᠯᠦᠭᠡ | ᠵᠥᠪᠳᠡᠯᠴᠡᠨ ᠬᠡᠯᠡᠯᠴᠡᠭᠡ ᠬᠢᠵᠦ᠂ ᠳᠠᠭᠠᠭᠠᠴᠢᠯᠠᠯᠲᠠ ᠤᠨᠤᠨᠨᠰᠠᠨ ᠪᠠ ᠠᠷᠠᠯᠵᠢᠶ᠎ᠠ ᠪᠦᠲᠦᠭᠰᠡᠨ ᠮᠡᠳᠡᠭᠳᠡᠯ ᠤᠨ | ᠪᠢᠴᠢᠭ ᠢ ᠶᠠᠪᠤᠭᠤᠯᠤᠭᠰᠠᠨ ᠤ ᠳᠠᠷᠠᠭ᠎ᠠ ᠳᠠᠭᠠᠭᠠᠴᠢᠯᠠᠯᠲᠠ ᠤᠨᠤᠨᠨᠰᠠᠨ ᠪᠠ ᠠᠷᠠᠯᠵᠢᠶ᠎ᠠ ᠪᠦᠲᠦᠭᠰᠡᠨ ᠬᠠᠩᠭᠠᠯᠭ᠎ᠠ ᠶᠢᠨ | ᠬᠤᠳᠠᠯᠳᠤᠭᠠᠴᠢᠨ ᠯᠤᠭ᠎ᠠ ᠬᠤᠳᠠᠯᠳᠤᠨ ᠠᠪᠬᠤ ᠭᠡᠷ᠎ᠡ ᠲᠣᠨᠨᠳ᠋ᠬᠠᠰᠠᠨ ᠦᠭᠡᠶ ᠪᠤᠶᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠲᠡᠪᠴᠢᠭᠰᠡᠨ ᠵᠡᠷᠭᠡ ᠪᠠᠶᠢᠳᠠᠯ ᠣᠷᠣᠰᠢᠵᠤ | ᠪᠠᠶᠢᠬᠤ︔ | ︵ᠠᠷᠪᠠᠨ ᠲᠠᠪᠤ︶ ᠬᠤᠳᠠᠯᠳᠤᠨ ᠠᠪᠤᠭᠴᠢ ᠵᠢᠴᠢ ᠲᠡᠭᠦᠨ ᠤ ᠠᠵᠢᠯᠳᠠᠨ ᠨᠢ ᠬᠠᠩᠭᠠᠯᠭ᠎ᠠ ᠶᠢᠨ ᠬᠤᠳᠠᠯᠳᠤᠭᠠᠴᠢᠨ | ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠲᠠᠢ ᠬᠤᠤᠪᠢᠯᠳᠤᠨ ᠰᠦᠯᠪᠡᠭᠡᠯᠳᠦᠵᠦ᠂ | ᠬᠤᠳᠠᠯᠳᠤᠨ ᠠᠪᠬᠤ ᠶᠠᠪᠤᠴᠠ ᠳᠤ ᠬᠡᠭᠡᠯᠢ ᠬᠠᠭ᠋ᠤᠤᠯᠢ ᠢᠳᠡᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ | ᠣᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠡᠷᠡᠭᠵᠢᠭᠦᠯᠵᠦ ᠪᠠᠶᠢᠭ᠎ᠠ ᠬᠢᠨᠠᠯᠲᠠ | ᠪᠠᠶᠢᠴᠠᠭᠠᠯᠲᠠ ᠳᠤ ᠬᠤᠳᠠᠯ ᠬᠠᠭᠤᠷᠮᠠᠭ ᠪᠠᠶᠢᠳᠠᠯ ᠬᠠᠩᠭᠠᠭᠰᠠᠨ᠂ ᠡᠰᠡᠬᠦᠯ᠎ᠡ ᠳᠠᠭᠠᠭᠠᠴᠢᠯᠠᠯᠲᠠ ᠨᠡᠶᠢᠲᠡᠯᠡᠬᠦ ᠠᠴᠠ | ᠡᠮᠦᠨ᠎ᠡ ᠳᠠᠭᠠᠭᠠᠴᠢᠯᠠᠯᠲᠠ ᠶᠢᠨ ᠲᠦᠰᠦᠭᠡᠯᠡᠨ ᠲᠣᠭᠲᠠᠭᠠᠭᠰᠠᠨ ᠰᠠᠭᠤᠷᠢ ᠦᠨ᠎ᠡ ᠶᠢ ᠵᠠᠳᠠᠷᠠᠭᠤᠯᠤᠭᠰᠠᠨ ᠵᠡᠷᠭᠡ | ᠪᠠᠶᠢᠳᠠᠯ ᠲᠠᠢ ᠪᠠᠶᠢᠬᠤ︔ | ︵ᠠᠷᠪᠠᠨ ᠵᠢᠷᠭᠤᠭ᠎ᠠ︶ ᠬᠤᠳᠠᠯᠳᠤᠨ ᠠᠪᠤᠭᠴᠢ ᠨᠢ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠬᠦ | ᠴᠢᠬᠤᠯᠠᠳᠠᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ | ᠪᠠᠶᠢᠭᠤᠯᠤᠮᠵᠢ ᠳᠤ ᠨᠠᠶᠢᠳᠠᠵᠤ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠦᠭᠰᠡᠨ ᠦᠭᠡᠢ ᠪᠠᠶᠢᠬᠤ︔ | ︵ᠠᠷᠪᠠᠨ ᠳᠤᠯᠤᠭ᠎ᠠ︶ ᠬᠤᠳᠠᠯᠳᠤᠨ ᠠᠪᠤᠭᠴᠢ ᠨᠢ ᠬᠠᠤᠯᠢ ᠴᠠᠭᠠᠵᠠ ᠶᠢᠨ ᠲᠣᠭᠲᠠᠭᠠᠯ ᠠᠴᠠ ᠵᠦᠷᠢᠴᠡᠵᠦ | ᠦᠯᠡᠳᠡᠬᠡᠨ ᠬᠠᠳᠠᠭᠠᠯᠠᠬᠤ ᠴᠢᠬᠤᠯᠠᠳᠠᠢ ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠢ ᠨᠢᠭᠤᠨ ᠳᠠᠯᠳᠠᠯᠠᠭᠰᠠᠨ᠂ | ᠤᠰᠠᠳᠬᠠᠭᠰᠠᠨ ᠪᠤᠶᠤ ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ᠂ | ᠥᠭᠡᠷᠡᠲᠦᠭᠦᠯᠦᠨ ᠵᠣᠬᠢᠶᠠᠭᠰᠠᠨ ᠪᠠᠶᠢᠬᠤ︔ | ︵ᠠᠷᠪᠠᠨ ᠨᠠᠢᠮᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ | ᠠᠵᠢᠯᠯᠠᠭ᠎ᠠ᠃ | ᠠᠷᠪᠠᠨ ᠬᠤᠶᠠᠳᠤᠭᠠᠷ ᠵᠦᠢᠯ | ᠳᠠᠭᠠᠭᠠᠴᠢᠯᠠᠯᠲᠠ ᠵᠠᠷᠯᠠᠬᠤ ᠣᠷᠤᠯᠠᠯ ᠤᠨ ᠪᠠᠶᠢᠭᠤᠯᠤᠮᠵᠢ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ | ᠣᠷᠤᠯᠠᠨ ᠭᠦᠢᠴᠡᠳᠭᠡᠬᠦ ᠪᠠᠶᠢᠭᠤᠯᠤᠮᠵᠢ᠂ ᠦᠨ᠎ᠡ ᠬᠠᠶᠠᠵᠤ ᠬᠤᠳᠠᠯᠳᠤᠬᠤ ᠪᠠᠶᠢᠭᠤᠯᠤᠮᠵᠢ᠂ ᠥᠮᠴᠢᠯᠡᠬᠦ ᠡᠷᠬᠡ ᠶᠢᠨ | ᠠᠷᠠᠯᠵᠢᠶᠡᠨ ᠤ ᠪᠠᠶᠢᠭᠤᠯᠤᠮᠵᠢ ᠵᠡᠷᠭᠡ ᠵᠠᠭᠤᠴᠢ ᠣᠷᠤᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠳᠤ ᠭᠤᠣᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄ | ︵ᠨᠢᠭᠡ︶ ᠬᠠᠤᠯᠢ ᠴᠠᠭᠠᠵᠠ ᠶᠢᠨ ᠲᠣᠭᠲᠠᠭᠠᠯ ᠠᠴᠠ ᠵᠥᠷᠢᠴᠡᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠠᠵᠢᠯᠯᠠᠭ᠎ᠠ ᠯᠤᠭ᠎ᠠ ᠬᠤᠯᠪᠣᠭᠳᠠᠭᠰᠠᠨ ᠨᠢᠭᠤᠴᠠ ᠶᠢ ᠬᠠᠮᠠᠭᠠᠯᠠᠬᠤ ᠴᠢᠬᠤᠯᠠᠳᠠᠢ ᠪᠠᠶᠢᠳᠠᠯ ᠪᠠ | ᠮᠠᠲ᠋ᠧᠷᠢᠶᠠᠯ ᠢ ᠵᠠᠳᠠᠷᠠᠭᠤᠯᠤᠭᠰᠠᠨ᠂ ᠡᠰᠡᠬᠦᠯ᠎ᠡ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠬᠦᠯᠢᠶᠡᠭᠴᠢ᠂ | ᠬᠠᠩᠭᠠᠯᠭ᠎ᠠ ᠶᠢᠨ ᠬᠤᠳᠠᠯᠳᠤᠭᠠᠴᠢᠨ ᠵᠡᠷᠭᠡ ᠲᠠᠢ ᠰᠦᠯᠪᠡᠭᠡᠯᠳᠦᠵᠦ ᠪᠠᠶᠢᠭᠠᠳ ᠤᠯᠤᠰ ᠤᠨ ᠠᠰᠢᠭ ᠲᠤᠰᠠ᠂ ᠨᠡᠶᠢᠭᠡᠮ | ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠦᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ | ᠪᠠᠶᠢᠬᠤ︔ | ︵ᠬᠤᠶᠠᠷ︶ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠴᠢᠬᠤᠯᠠᠳᠠᠢ | ᠪᠠᠶᠢᠲᠠᠯ᠎ᠠ ᠳᠤᠷ᠎ᠠ ᠪᠠᠷ ᠪᠤᠰᠤᠳ ᠠᠷᠭ᠎ᠠ ᠮᠠᠶ᠋ᠢᠭ ᠬᠡᠷᠡᠭᠯᠡᠵᠦ ᠬᠤᠳᠠᠯᠳᠤᠨ ᠠᠪᠬᠤ᠂ ᠬᠤᠳᠠᠯᠳᠤᠨ ᠠᠪᠬᠤ | ᠪᠠᠷᠢᠮᠵᠢᠶ᠎ᠠ ᠪᠠᠨ ᠲᠤᠷ᠎ᠠ ᠪᠠᠷ ᠲᠡᠬᠡᠭᠰᠢᠯᠡᠬᠦᠯᠦᠨ᠂ ᠵᠦᠢ ᠵᠤᠬᠢᠰ ᠦᠭᠡᠢ ᠨᠥᠬᠦᠴᠡᠯ ᠢᠶᠠᠷ ᠬᠠᠩᠭᠠᠯᠭ᠎ᠠ ᠶᠢᠨ | ᠬᠤᠳᠠᠯᠳᠤᠭᠠᠴᠢᠨ ᠳᠤ ᠢᠯᠭᠠᠭ᠎ᠠ ᠲᠠᠢ ᠣᠯᠭᠤᠮᠵᠢ ᠪᠤᠶᠤ ᠭᠠᠳᠠᠭᠤᠷᠴᠢᠯᠠᠭᠰᠠᠨ ᠣᠯᠭᠤᠮᠵᠢ ᠬᠦᠷᠲᠡᠭᠡᠵᠦ᠂ | ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠶᠠᠪᠤᠴᠠ ᠳᠤ ᠳᠠᠭᠠᠭᠠᠴᠢᠯᠠᠯᠲᠠ ᠬᠦᠯᠢᠶᠡᠭᠴᠢ ᠲᠠᠢ ᠵᠥᠪᠳᠡᠯᠴᠡᠨ | ᠬᠡᠯᠡᠯᠴᠡᠭᠡ ᠬᠢᠭᠰᠡᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠢᠨᠠᠯᠲᠠ ᠲᠠᠯᠪᠢᠵᠤ | ᠪᠠᠶᠢᠴᠠᠭᠠᠬᠤ ᠶᠢ ᠲᠡᠪᠴᠢᠭᠰᠡᠨ ᠵᠡᠷᠭᠡ ᠪᠠᠶᠢᠳᠠᠯ ᠣᠷᠣᠰᠢᠵᠤ ᠪᠠᠶᠢᠬᠤ︔ | ︵ᠭᠤᠷᠪᠠ︶ ᠬᠠᠩᠭᠠᠯᠭ᠎ᠠ ᠶᠢᠨ ᠬᠤᠳᠠᠯᠳᠤᠭᠠᠴᠢᠨ ᠪᠤᠶᠤ ᠬᠤᠳᠠᠯᠳᠤᠨ ᠠᠪᠤᠭᠴᠢ ᠲᠠᠢ ᠬᠤᠣᠪᠢᠯᠳᠤᠨ | ᠰᠦᠯᠪᠡᠭᠡᠯᠳᠦᠵᠦ᠂ ᠬᠤᠳᠠᠯᠳᠤᠨ ᠠᠪᠬᠤ ᠶᠠᠪᠤᠴᠠ ᠳᠤ ᠬᠡᠭᠡᠯᠢ ᠬᠠᠭ᠋ᠤᠤᠯᠢ ᠢᠳᠡᠭᠰᠡᠨ ᠪᠤᠶᠤ ᠪᠤᠰᠤᠳ ᠵᠦᠢ ᠪᠤᠰᠤ | ᠠᠰᠢᠭ ᠲᠤᠰᠠ ᠣᠯᠤᠭᠰᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠡᠷᠡᠭᠵᠢᠭᠦᠯᠵᠦ | ᠪᠠᠶᠢᠭ᠎ᠠ ᠬᠢᠨᠠᠯᠲᠠ ᠪᠠᠶᠢᠴᠠᠭᠠᠯᠲᠠ ᠳᠤ ᠬᠤᠳᠠᠯ ᠬᠠᠭᠤᠷᠮᠠᠭ ᠪᠠᠶᠢᠳᠠᠯ ᠬᠠᠩᠭᠠᠭᠰᠠᠨ᠂ ᠡᠰᠡᠬᠦᠯ᠎ᠡ ᠳᠠᠭᠠᠭᠠᠴᠢᠯᠠᠯᠲᠠ | ᠨᠡᠶᠢᠲᠡᠯᠡᠬᠦ ᠠᠴᠠ ᠡᠮᠦᠨ᠎ᠡ ᠳᠠᠭᠠᠭᠠᠴᠢᠯᠠᠯᠲᠠ ᠶᠢᠨ ᠲᠦᠰᠦᠭᠡᠯᠡᠨ ᠲᠣᠭᠲᠠᠭᠠᠭᠰᠠᠨ ᠰᠠᠭᠤᠷᠢ ᠦᠨ᠎ᠡ ᠶᠢ | ᠵᠠᠳᠠᠷᠠᠭᠤᠯᠤᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ︔ | ︵ᠳᠦᠷᠪᠡ︶ ᠬᠠᠤᠯᠢ ᠴᠠᠭᠠᠵᠠ ᠶᠢᠨ ᠲᠣᠭᠲᠠᠭᠠᠯ ᠢ ᠵᠥᠷᠢᠴᠡᠵᠦ᠂ ᠦᠯᠡᠳᠡᠬᠡᠨ ᠬᠠᠳᠠᠭᠠᠯᠠᠬᠤ ᠴᠢᠬᠤᠯᠠᠳᠠᠢ | ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠢ ᠨᠢᠭᠤᠨ ᠳᠠᠯᠳᠠᠯᠠᠭᠰᠠᠨ᠂ ᠤᠰᠠᠳᠬᠠᠭᠰᠠᠨ ᠪᠤᠶᠤ ᠬᠤᠳᠠᠯᠳᠤᠨ | ᠠᠪᠤᠯᠲᠠ ᠶᠢᠨ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠭᠰᠠᠨ ᠪᠠ ᠥᠭᠡᠷᠡᠲᠦᠭᠦᠯᠦᠨ ᠵᠣᠬᠢᠶᠠᠭᠰᠠᠨ ᠪᠠᠶᠢᠬᠤ︔ | ︵ᠲᠠᠪᠤ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ ᠵᠠᠩᠭᠢ ᠶᠢᠨ | ᠬᠥᠮᠥᠷᠭᠡ ᠳᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ ᠪᠠᠶᠢᠬᠤ︔ | ︵ᠵᠢᠷᠭᠤᠭ᠎ᠠ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠪᠤᠶᠤ | ᠳᠠᠭᠠᠭᠠᠴᠢᠯᠠᠯᠲᠠ ᠵᠠᠷᠯᠠᠬᠤ ᠶᠢ ᠵᠣᠬᠢᠶᠠᠨ ᠪᠠᠶᠢᠭᠤᠯᠬᠤ ᠶᠠᠪᠤᠴᠠ ᠳᠤ ᠬᠦᠨᠳᠦ ᠶᠡᠭᠡ ᠠᠯᠳᠠᠭ᠎ᠠ ᠪᠤᠷᠤᠭᠤ ᠭᠠᠷᠭᠠᠭᠠᠳ | ᠳᠠᠭᠠᠭᠠᠴᠢᠯᠠᠯᠲᠠ ᠵᠠᠷᠯᠠᠬᠤ ᠶᠢ ᠨᠥᠯᠥᠭᠡᠯᠡᠭᠰᠡᠨ ᠪᠠᠶᠢᠬᠤ︔ | ︵ᠳᠣᠯᠤᠭ᠎ᠠ︶ ᠵᠠᠭᠤᠴᠢ ᠣᠷᠣᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠠᠴᠠ ᠬᠤᠯᠪᠣᠭᠳᠠᠯ ᠪᠦᠬᠦᠢ | ᠠᠵᠢᠯ ᠢ ᠡᠭᠦᠷᠭᠡᠯᠡᠬᠦ ᠪᠠᠷ ᠨᠠᠶᠢᠳᠠᠯᠭ᠎ᠠ ᠶᠢᠨ ᠭᠡᠷ᠎ᠡ ᠳᠤ ᠪᠣᠯᠵᠣᠨ ᠲᠣᠭᠲᠠᠭᠰᠠᠨ ᠮᠥᠷᠲᠡᠭᠡᠨ ᠲᠤᠰ ᠠᠷᠭ᠎ᠠ ᠶᠢᠨ | ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠪᠠᠶᠢᠳᠠᠯ ᠲᠠᠢ ᠪᠠᠶᠢᠬᠤ᠃ | ᠠᠷᠪᠠᠨ ᠭᠤᠷᠪᠠᠳᠤᠭᠠᠷ ᠵᠦᠢᠯ | ᠳᠠᠭᠠᠭᠠᠴᠢᠯᠠᠯᠲᠠ ᠬᠦᠯᠢᠶᠡᠭᠴᠢ᠂ ᠬᠠᠩᠭᠠᠯᠭ᠎ᠠ ᠶᠢᠨ ᠬᠤᠳᠠᠯᠳᠤᠭᠠᠴᠢᠨ᠂ ᠰᠢᠯᠵᠢᠭᠦᠯᠦᠨ ᠠᠪᠤᠨᠨᠴᠢ᠂ ᠦᠨ᠎ᠡ | ᠬᠠᠶᠠᠵᠤ ᠬᠤᠳᠠᠯᠳᠤᠨ ᠠᠪᠤᠭᠴᠢ ᠵᠡᠷᠭᠡ ᠲᠥᠷᠥᠯ ᠵᠦᠢᠯ ᠤᠨ ᠠᠶᠠᠳᠠᠨ ᠳᠠᠭᠠᠬᠤ ᠲᠠᠯ᠎ᠠ ᠶᠢᠨ ᠢᠲᠡᠭᠡᠯ ᠢᠶᠠᠨ | ᠠᠯᠳᠠᠭᠰᠠᠨ ᠦᠢᠯᠡ ᠠᠵᠢᠯᠯᠠᠭ᠎ᠠ ᠳᠤ ᠭᠤᠣᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄ | ︵ᠨᠢᠭᠡ︶ ᠳᠠᠭᠠᠭᠠᠴᠢᠯᠠᠯᠲᠠ ᠬᠦᠯᠢᠶᠡᠭᠴᠢ ᠨᠢ ᠬᠠᠷᠢᠯᠴᠠᠨ ᠰᠦᠯᠪᠡᠭᠡᠯᠳᠦᠵᠦ ᠪᠠᠶᠢᠭᠠᠳ ᠳᠠᠭᠠᠭᠠᠴᠢᠯᠠᠯᠲᠠ | ᠬᠦᠯᠢᠶᠡᠬᠦ ᠪᠤᠶᠤ ᠳᠠᠭᠠᠭᠠᠴᠢᠯᠠᠯᠲᠠ ᠵᠠᠷᠯᠠᠭᠴᠢ ᠯᠤᠭ᠎ᠠ ᠰᠦᠯᠪᠡᠭᠡᠯᠳᠦᠵᠦ ᠪᠠᠶᠢᠭᠠᠳ ᠳᠠᠭᠠᠭᠠᠴᠢᠯᠠᠯᠲᠠ ᠬᠦᠯᠢᠶᠡᠭᠰᠡᠨ᠂ | ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠵᠠᠷᠯᠠᠭᠴᠢ ᠪᠤᠶᠤ ᠳᠠᠭᠠᠭᠠᠴᠢᠯᠠᠯᠲᠠ ᠦᠨᠡᠯᠡᠬᠦ ᠺᠣᠮᠢᠰ ᠤᠨ | ᠪᠦᠷᠢᠯᠳᠦᠬᠦᠨ ᠳᠤ ᠬᠡᠭᠡᠯᠢ ᠬᠠᠭ᠋ᠤᠤᠯᠢ ᠲᠦᠯᠬᠢᠬᠦ ᠠᠷᠭ᠎ᠠ ᠪᠠᠷ ᠳᠠᠭᠠᠭᠠᠴᠢᠯᠠᠯᠲᠠ ᠣᠯᠣᠭᠰᠠᠨ︔ | ︵ᠬᠤᠶᠠᠷ︶ ᠳᠠᠭᠠᠭᠠᠴᠢᠯᠠᠯᠲᠠ ᠬᠦᠯᠢᠶᠡᠭᠴᠢ ᠨᠢ ᠪᠤᠰᠤᠳ ᠤᠨ ᠨᠡᠷ᠎ᠡ ᠪᠠᠷ ᠳᠠᠭᠠᠭᠠᠴᠢᠯᠠᠯᠲᠠ ᠬᠦᠯᠢᠶᠡᠬᠦ ᠪᠤᠶᠤ | ᠪᠤᠰᠤᠳ ᠠᠷᠭ᠎ᠠ ᠮᠠᠶ᠋ᠢᠭ ᠢᠶᠠᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠠᠶᠢᠭᠠᠳ ᠳᠠᠭᠠᠭᠠᠴᠢᠯᠠᠯᠲᠠ ᠶᠢ ᠮᠡᠬᠡᠯᠡᠵᠦ | ᠣᠯᠣᠭᠰᠠᠨ︔ | ︵ᠭᠤᠷᠪᠠ︶ ᠳᠠᠭᠠᠭᠠᠴᠢᠯᠠᠯᠲᠠ ᠤᠨᠤᠨᠨᠰᠠᠳ ᠨᠢ ᠳᠠᠭᠠᠭᠠᠴᠢᠯᠠᠯᠲᠠ ᠤᠨᠤᠨᠨᠰᠠᠨ ᠲᠥᠷᠥᠯ ᠵᠦᠢᠯ ᠢᠶᠠᠨ | ᠪᠤᠰᠤᠳ ᠲᠤ ᠰᠢᠯᠵᠢᠭᠦᠯᠦᠨ ᠥᠭᠭᠦᠭᠰᠡᠨ᠂ ᠳᠠᠭᠠᠭᠠᠴᠢᠯᠠᠯᠲᠠ ᠤᠨᠤᠨᠨᠰᠠᠨ ᠲᠥᠷᠥᠯ ᠵᠦᠢᠯ ᠢᠶᠠᠨ ᠬᠡᠰᠡᠭᠯᠡᠨ | ᠰᠠᠯᠭᠠᠭᠰᠠᠨ ᠤ ᠲᠡᠷᠠᠭ᠎ᠠ ᠲᠤᠰ ᠲᠤᠰ ᠪᠤᠰᠤᠳ ᠲᠤ ᠰᠢᠯᠵᠢᠭᠦᠯᠦᠨ ᠥᠭᠭᠦᠭᠰᠡᠨ᠂ ᠬᠠᠤᠯᠢ ᠴᠠᠭᠠᠵᠠ ᠶᠢᠨ | ᠲᠣᠭᠲᠠᠭᠠᠯ ᠢ ᠵᠥᠷᠢᠴᠡᠨ ᠲᠠᠭᠠᠭᠠᠴᠢᠯᠠᠯᠳᠠ ᠤᠨᠤᠨᠨᠰᠠᠨ ᠲᠥᠷᠥᠯ ᠵᠦᠢᠯ ᠤᠨ ᠢᠶᠠᠨ ᠬᠡᠰᠡᠭ ᠭᠤᠣᠯ ᠴᠣᠭᠴᠠ᠂ | ᠵᠠᠩᠭᠢᠯᠠᠭ᠎ᠠ ᠶᠢᠨ ᠴᠢᠨᠠᠷᠲᠠᠢ ᠠᠵᠢᠯ ᠢ ᠪᠤᠰᠤᠳ ᠲᠤ ᠬᠤᠪᠢᠶᠠᠨ ᠳᠠᠭᠠᠭᠠᠴᠢᠯᠠᠭᠤᠯᠤᠭᠰᠠᠨ᠂ ᠡᠰᠡᠭᠦᠯ᠎ᠡ ᠬᠤᠪᠢᠶᠠᠨ | ᠳᠠᠭᠠᠭᠠᠴᠢᠯᠠᠭᠴᠢ ᠨᠢ ᠲᠠᠬᠢᠨ ᠬᠤᠪᠢᠶᠠᠨ ᠳᠠᠭᠠᠭᠠᠴᠢᠯᠠᠭᠤᠯᠤᠭᠰᠠᠨ︔ | ︵ᠳᠥᠷᠪᠡ︶ ᠳᠠᠭᠠᠭᠠᠴᠢᠯᠠᠯᠲᠠ ᠤᠨᠤᠨᠨᠴᠢ ᠬᠢᠭᠡᠳ ᠳᠠᠭᠠᠭᠠᠴᠢᠯᠠᠯᠲᠠ ᠵᠠᠷᠯᠠᠭᠴᠢ ᠨᠢ ᠳᠠᠭᠠᠭᠠᠴᠢᠯᠠᠯᠲᠠ ᠵᠠᠷᠯᠠᠬᠤ | ᠪᠢᠴᠢᠭ ᠮᠠᠲ᠋ᠧᠷᠢᠶᠠᠯ ᠪᠠ ᠳᠠᠭᠠᠭᠠᠴᠢᠯᠠᠯᠲᠠ ᠤᠨᠤᠨᠨᠴᠢ ᠶᠢᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠤᠨ | ᠶᠣᠰᠣᠭᠠᠷ ᠭᠡᠷ᠎ᠡ ᠲᠣᠭᠲᠠᠭᠠᠭᠰᠠᠨ ᠦᠭᠡᠢ᠂ ᠡᠰᠡᠬᠦᠯ᠎ᠡ ᠭᠡᠷ᠎ᠡ ᠶᠢᠨ ᠮᠥᠨ ᠴᠢᠨᠠᠷ ᠤᠨ ᠠᠭᠤᠯᠭ᠎ᠠ ᠠᠴᠠ ᠲᠡᠷᠰᠯᠡᠭᠰᠡᠨ | ᠬᠡᠯᠡᠯᠴᠡᠭᠡᠷ ᠲᠣᠭᠲᠠᠭᠠᠭᠰᠠᠨ︔ | ︵ᠲᠠᠪᠤ︶ ᠳᠠᠭᠠᠭᠠᠴᠢᠯᠠᠯᠲᠠ ᠤᠨᠤᠨᠨᠴᠢ ᠨᠢ ᠵᠦᠢ ᠶᠣᠰᠣᠨ ᠤ ᠰᠢᠯᠲᠠᠭᠠᠨ ᠦᠭᠡᠢ ᠪᠠᠷ ᠳᠠᠭᠠᠭᠠᠴᠢᠯᠠᠯᠲᠠ | ᠵᠠᠷᠯᠠᠭᠴᠢ ᠯᠤᠭ᠎ᠠ ᠭᠡᠷ᠎ᠡ ᠲᠣᠭᠲᠠᠭᠠᠬᠤ ᠦᠭᠡᠢ᠂ ᠭᠡᠷ᠎ᠡ ᠲᠣᠭᠲᠠᠭᠠᠬᠤ ᠳᠤ ᠪᠠᠨ ᠳᠠᠭᠠᠭᠠᠴᠢᠯᠠᠯᠲᠠ ᠵᠠᠷᠯᠠᠭᠴᠢ ᠳᠤ | ᠲᠠᠭᠠᠯᠲᠠ ᠨᠥᠬᠦᠴᠡᠯ ᠳᠤᠷᠠᠳᠬᠤ᠂ ᠡᠰᠡᠬᠦᠯ᠎ᠡ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ ᠭᠡᠷ᠎ᠡ ᠭᠦᠢᠴᠡᠳᠬᠡᠬᠦ ᠪᠠᠲᠤᠯᠠᠭ᠎ᠠ ᠶᠢᠨ ᠮᠥᠩᠭᠦ ᠪᠠᠨ ᠲᠤᠰᠢᠶᠠᠬᠤ ᠦᠭᠡᠢ︔ | ︵ᠵᠢᠷᠭᠤᠭ᠎ᠠ︶ ᠳᠠᠭᠠᠭᠠᠴᠢᠯᠠᠯᠲᠠ ᠤᠨᠤᠨᠨᠴᠢ ᠨᠢ ᠳᠠᠭᠠᠭᠠᠴᠢᠯᠠᠯᠲᠠ ᠵᠠᠷᠯᠠᠭᠴᠢ ᠯᠤᠭ᠎ᠠ ᠲᠣᠭᠲᠠᠭᠠᠭᠰᠠᠨ | ᠭᠡᠷ᠎ᠡ ᠶᠢᠨ ᠶᠣᠰᠣᠭᠠᠷ ᠡᠭᠦᠷᠭᠡ ᠪᠠᠨ ᠭᠦᠢᠴᠡᠳᠬᠡᠭᠰᠡᠨ ᠦᠭᠡᠢ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠬᠤ︔ | ︵ᠳᠤᠯᠤᠭ᠎ᠠ︶ ᠬᠠᠩᠭᠠᠯᠭ᠎ᠠ ᠶᠢᠨ ᠬᠤᠳᠠᠯᠳᠤᠭᠠᠴᠢᠨ ᠨᠢ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠵᠤ ᠪᠠᠶᠢᠭᠠᠳ | ᠳᠠᠭᠠᠭᠠᠴᠢᠯᠠᠯᠲᠠ ᠣᠯᠣᠭᠰᠠᠨ ᠪᠠ ᠠᠷᠠᠯᠵᠢᠭᠰᠠᠨ᠂ ᠵᠦᠢ ᠪᠤᠰᠤ ᠠᠷᠭ᠎ᠠ ᠪᠠᠷᠢᠯ ᠢᠶᠠᠷ ᠪᠤᠰᠤᠳ ᠬᠠᠩᠭᠠᠯᠭ᠎ᠠ ᠶᠢᠨ | ᠬᠤᠳᠠᠯᠳᠤᠭᠠᠴᠢᠨ ᠢ ᠭᠦᠳᠬᠡᠨ ᠭᠠᠳᠠᠭᠤᠷᠴᠢᠯᠠᠵᠤ᠂ ᠬᠤᠳᠠᠯᠳᠤᠨ ᠠᠪᠤᠭᠴᠢ᠂ ᠪᠤᠰᠤᠳ ᠬᠠᠩᠭᠠᠯᠭ᠎ᠠ ᠶᠢᠨ | ᠬᠤᠳᠠᠯᠳᠤᠭᠠᠴᠢᠨ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠲᠠᠢ ᠬᠤᠣᠪᠢᠯᠳᠤᠨ | ᠰᠦᠯᠪᠡᠭᠡᠯᠳᠦᠵᠦ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ | ᠬᠡᠭᠡᠯᠢ ᠬᠠᠭ᠋ᠤᠤᠯᠢ ᠲᠦᠯᠬᠢᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠬᠠᠩᠭᠠᠭᠰᠠᠨ᠂ ᠳᠠᠭᠠᠭᠠᠴᠢᠯᠠᠯᠲᠠ | ᠵᠠᠷᠯᠠᠵᠤ ᠬᠤᠳᠠᠯᠳᠤᠨ ᠠᠪᠬᠤ ᠶᠠᠪᠤᠴᠠ ᠳᠤ ᠬᠤᠳᠠᠯᠳᠤᠨ ᠠᠪᠤᠭᠴᠢ ᠲᠠᠢ ᠵᠥᠪᠳᠡᠯᠴᠡᠨ ᠬᠡᠯᠡᠯᠴᠡᠭᠡ ᠬᠢᠭᠰᠡᠨ᠂ | ᠡᠰᠡᠬᠦᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠲᠡᠪᠴᠢᠭᠰᠡᠨ ᠪᠤᠶᠤ ᠬᠤᠳᠠᠯ | ᠬᠠᠭᠤᠷᠮᠠᠭ ᠪᠠᠶᠢᠳᠠᠯ ᠬᠠᠩᠭᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ︔ | ︵ᠨᠠᠢᠮᠠ︶ ᠸᠠᠺᠼᠢᠨ ᠦᠢᠯᠡᠳᠪᠦᠷᠢᠯᠡᠬᠦ ᠠᠵᠤ ᠠᠬᠤᠶᠢᠯᠠᠯ ᠨᠢ ᠬᠤᠰᠢᠭᠤ ᠰᠢᠶᠠᠨ ᠤ ᠱᠠᠲᠤᠨ ᠤ ᠡᠪᠡᠳᠴᠢᠨ | ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠠᠴᠠ ᠪᠤᠰᠤᠳ ᠨᠢᠭᠡᠴᠢ ᠪᠤᠶᠤ ᠬᠤᠪᠢ ᠬᠥᠮᠦᠨ ᠳᠤ ᠬᠤᠶᠠᠳᠤᠭᠠᠷ | ᠲᠥᠷᠥᠯ ᠤᠨ ᠸᠠᠺᠼᠢᠨ ᠢ ᠬᠤᠳᠠᠯᠳᠤᠵᠤ ᠥᠭᠭᠦᠭᠰᠡᠨ︔ | ︵ᠶᠢᠰᠦ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ | ᠵᠠᠩᠭᠢ ᠶᠢᠨ ᠬᠥᠮᠥᠷᠭᠡ ᠳᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ︔ | ︵ᠠᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ | ᠠᠵᠢᠯᠯᠠᠭ᠎ᠠ᠃ | ᠠᠷᠪᠠᠨ ᠳᠥᠷᠪᠡᠳᠦᠭᠡᠷ ᠵᠦᠢᠯ | ᠳᠠᠭᠠᠭᠠᠴᠢᠯᠠᠯᠲᠠ ᠦᠨᠡᠯᠡᠨ ᠬᠢᠨᠠᠬᠤ ᠺᠣᠮᠢᠰ ᠤᠨ ᠪᠦᠷᠢᠯᠳᠦᠬᠦᠨ ᠤ ᠢᠲᠡᠭᠡᠯ ᠠᠯᠳᠠᠭᠰᠠᠨ ᠦᠢᠯᠡ | ᠠᠵᠢᠯᠯᠠᠭ᠎ᠠ ᠳᠤ ᠭᠤᠤᠯᠳᠠᠭᠤ ᠳᠣᠣᠷᠠᠬᠢ ᠠᠵᠢᠯᠯᠠᠭ᠎ᠠ ᠪᠠᠭᠲᠠᠨ᠎ᠠ᠄ | ︵ᠨᠢᠭᠡ︶ ᠵᠠᠶᠢᠯᠠᠭᠤᠯᠬᠤ ᠲᠦᠷᠢᠮ ᠢ ᠵᠥᠷᠢᠴᠡᠭᠡᠳ ᠵᠠᠶᠢᠯᠠᠬᠤ ᠴᠢᠬᠤᠯᠠᠳᠠᠢ ᠪᠠᠶᠢᠲᠠᠯ᠎ᠠ ᠵᠠᠶᠢᠯᠠᠭᠰᠠᠨ ᠦᠭᠡᠢ︔ | ︵ᠬᠤᠶᠠᠷ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ | ᠵᠠᠩᠭᠢ ᠶᠢᠨ ᠬᠥᠮᠥᠷᠭᠡ ᠳᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ︔ | ︵ᠭᠤᠷᠪᠠ︶ ᠳᠠᠭᠠᠭᠠᠴᠢᠯᠠᠯᠲᠠ ᠦᠨᠡᠯᠡᠬᠦ ᠳᠤ ᠣᠷᠣᠯᠴᠠᠬᠤ ᠪᠠᠷ ᠲᠣᠨᠨᠳ᠋ᠬᠠᠰᠠᠨ ᠪᠣᠯᠪᠠᠴᠤ ᠠᠬᠤᠢ ᠲᠠᠯᠠᠪᠠᠢ ᠳᠤ | ᠭᠦᠷᠦᠭᠰᠡᠨ ᠦᠭᠡᠶ ᠮᠥᠷᠲᠡᠭᠡᠨ ᠴᠢᠯᠥᠭᠡ ᠠᠪᠤᠭᠰᠠᠨ ᠦᠭᠡᠶ ᠪᠤᠯᠬᠤᠷ ᠳᠠᠭᠠᠭᠠᠴᠢᠯᠠᠯᠲᠠ ᠦᠨᠡᠯᠡᠨ ᠬᠢᠨᠠᠬᠤ ᠠᠵᠢᠯ ᠤᠨ | ᠬᠡᠪ ᠤᠨ ᠶᠣᠰᠣᠭᠠᠷ ᠶᠠᠪᠤᠭᠳᠠᠬᠤ ᠶᠢ ᠨᠥᠯᠥᠭᠡᠯᠡᠭᠰᠡᠨ︔ | ︵ᠳᠥᠷᠪᠡ︶ ᠳᠠᠭᠠᠭᠠᠴᠢᠯᠠᠯᠲᠠ ᠦᠨᠡᠯᠡᠨ ᠬᠢᠨᠠᠬᠤ ᠬᠤᠭᠤᠴᠠᠭᠠᠨ ᠳᠤ ᠳᠤᠷ᠎ᠠ ᠪᠠᠷ ᠢᠶᠠᠨ ᠲᠤᠰᠢᠶᠠᠯ ᠤᠨ | ᠪᠠᠶᠢᠷᠢ ᠠᠴᠠ ᠪᠠᠨ ᠰᠠᠯᠤᠭᠰᠠᠨ ᠪᠤᠶᠤ ᠳᠠᠭᠠᠭᠠᠴᠢᠯᠠᠯᠲᠠ ᠦᠨᠡᠯᠡᠨ ᠬᠢᠨᠠᠬᠤ ᠠᠬᠤᠢ ᠲᠠᠯᠠᠪᠠᠶ ᠶᠢᠨ ᠬᠠᠮᠢᠶᠠᠷᠤᠯᠲᠠ ᠶᠢ | ᠳᠠᠭᠠᠬᠤ ᠦᠭᠡᠶ ᠪᠠᠶᠢᠬᠤ︔ | ︵ᠲᠠᠪᠤ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠪᠤᠶᠤ ᠬᠤᠳᠠᠯᠳᠤᠨ ᠠᠪᠤᠯᠲᠠ ᠶᠢᠨ ᠪᠢᠴᠢᠭ | ᠮᠠᠲ᠋ᠧᠷᠢᠶᠠᠯ ᠳᠤ ᠲᠣᠭᠲᠠᠭᠠᠭᠰᠠᠨ ᠳᠠᠭᠠᠭᠠᠴᠢᠯᠠᠯᠲᠠ ᠦᠨᠡᠯᠡᠨ ᠬᠢᠨᠠᠬᠤ ᠳᠡᠰ ᠳᠠᠷᠠᠭᠠᠯᠠᠯ᠂ ᠪᠠᠷᠢᠮᠵᠢᠶ᠎ᠠ ᠪᠠ ᠠᠷᠭ᠎ᠠ ᠶᠢᠨ | ᠶᠣᠰᠣᠭᠠᠷ ᠪᠡᠶ᠎ᠡ ᠪᠠᠨ ᠳᠠᠭᠠᠭᠠᠵᠤ ᠳᠠᠭᠠᠭᠠᠴᠢᠯᠠᠯᠲᠠ ᠦᠨᠡᠯᠡᠵᠦ ᠬᠢᠨ᠋ᠬᠠᠰᠠᠨ ᠦᠭᠡᠢ︔ | ︵ᠵᠢᠷᠭᠤᠭ᠎ᠠ︶ ᠳᠠᠭᠠᠭᠠᠴᠢᠯᠠᠯᠲᠠ ᠬᠦᠯᠢᠶᠡᠭᠴᠢ ᠲᠠᠢ ᠳᠠᠯᠳᠠᠭᠤᠷ ᠣᠶᠢᠷᠠᠲᠤᠭᠰᠠᠨ︔ | ︵ᠳᠣᠯᠤᠭ᠎ᠠ︶ ᠲᠥᠷᠥᠯ ᠵᠦᠢᠯ ᠡᠭᠦᠰᠭᠡᠨ ᠪᠠᠶᠢᠭᠤᠯᠤᠭᠴᠢ᠂ ᠵᠠᠭᠤᠴᠢ ᠣᠷᠣᠯᠠᠭᠴᠢ ᠪᠤᠶᠤ ᠦᠢᠯᠡᠴᠢᠯᠡᠭᠡᠨ ᠤ | ᠪᠠᠶᠢᠭᠤᠯᠤᠮᠵᠢ ᠠᠴᠠ ᠳᠠᠭᠠᠭᠠᠴᠢᠯᠠᠯᠲᠠ ᠤᠨᠤᠨᠨᠴᠢ ᠶᠢ ᠲᠣᠭᠲᠠᠭᠠᠬᠤ ᠰᠠᠨᠠᠮᠵᠢ ᠬᠤᠷᠢᠶᠠᠨ ᠯᠠᠪᠯᠠᠵᠦ᠂ ᠶᠠᠮᠠᠷᠪᠠ ᠨᠢᠭᠡᠨ | ᠨᠢᠭᠡᠴᠢ ᠪᠠ ᠬᠤᠪᠢ ᠬᠥᠮᠦᠨ ᠤ ᠳᠤᠷᠠᠳᠤᠨ ᠭᠠᠷᠭᠠᠭᠰᠠᠨ ᠣᠨᠴᠠᠭᠠᠢ ᠲᠣᠭᠲᠠᠭᠠᠭᠰᠠᠨ ᠳᠠᠭᠠᠭᠠᠴᠢᠯᠠᠯᠲᠠ ᠬᠦᠯᠢᠶᠡᠭᠴᠢ | ᠲᠡᠶᠢᠰᠢ ᠬᠡᠯᠪᠠᠶᠢᠬᠦ ᠪᠣᠶᠤ ᠭᠠᠳᠠᠭᠤᠷᠴᠢᠯᠠᠬᠤ ᠱᠠᠭᠠᠷᠳᠠᠯᠭ᠎ᠠ ᠶᠢ ᠬᠦᠯᠢᠶᠡᠭᠰᠡᠨ︔ | ︵ᠨᠠᠢᠮᠠ︶ ᠬᠠᠤᠯᠢ ᠶᠣᠰᠣᠭᠠᠷ ᠦᠭᠡᠶᠢᠰᠬᠡᠪᠡᠰᠦ ᠵᠣᠬᠢᠬᠤ ᠳᠠᠭᠠᠭᠠᠴᠢᠯᠠᠯᠲᠠ ᠬᠦᠯᠢᠶᠡᠬᠦ ᠶᠠᠪᠤᠳᠠᠯ ᠳᠤ | ᠦᠭᠡᠶᠢᠰᠬᠡᠬᠦ ᠰᠠᠨᠠᠯ ᠲᠤᠷᠠᠳᠤᠨᠨᠰᠠᠨ ᠦᠭᠡᠶ︔ | ︵ᠶᠢᠰᠦ︶ ᠳᠠᠭᠠᠭᠠᠴᠢᠯᠠᠯᠲᠠ ᠬᠦᠯᠢᠶᠡᠭᠴᠢ ᠶᠢ ᠳᠠᠯᠳᠠᠭᠤᠷ ᠲᠤᠬᠢᠬᠤ ᠪᠤᠶᠤ ᠥᠳᠥᠭᠡᠵᠦ ᠪᠠᠶᠢᠭᠠᠳ ᠲᠣᠳᠣᠯᠠᠨ | ᠲᠣᠳᠤᠷᠬᠠᠶᠢᠯᠠᠭᠤᠯᠬᠤ᠂ ᠲᠣᠳᠣᠷᠬᠠᠶᠢᠯᠠᠯᠲᠠ ᠬᠢᠯᠭᠡᠬᠦ ᠪᠤᠶᠤ ᠳᠠᠭᠠᠭᠠᠴᠢᠯᠠᠯᠲᠠ ᠬᠦᠯᠢᠶᠡᠭᠴᠢ ᠶᠢᠨ | ᠰᠠᠨᠠᠭᠠᠴᠢᠯᠠᠭ᠎ᠠ ᠠᠴᠠ ᠪᠠᠨ ᠳᠤᠷᠠᠳᠤᠭᠰᠠᠨ ᠲᠣᠳᠣᠯᠠᠨ ᠲᠣᠳᠤᠷᠬᠠᠶᠢᠯᠠᠯᠲᠠ ᠪᠠ ᠲᠣᠳᠣᠷᠬᠠᠶᠢᠯᠠᠯᠲᠠ ᠶᠢ ᠬᠦᠯᠢᠶᠡᠠ | ᠠᠪᠤᠭᠰᠠᠨ︔ | ︵ᠠᠷᠪᠠ︶ ᠵᠦᠢ ᠶᠣᠰᠣᠨ ᠤ ᠰᠢᠯᠲᠠᠭᠠᠨ ᠦᠭᠡᠢ ᠪᠠᠷ ᠳᠠᠭᠠᠭᠠᠴᠢᠯᠠᠯᠲᠠ ᠦᠨᠡᠯᠡᠬᠦ ᠮᠡᠳᠡᠭᠦᠯᠦᠯᠲᠡ ᠳᠡᠭᠡᠷ᠎ᠡ | ᠭᠠᠷ ᠤᠨ ᠦᠰᠦᠭ ᠵᠢᠷᠤᠬᠤ ᠶᠢ ᠡᠷᠡᠰ ᠲᠡᠪᠴᠢᠭᠰᠡᠨ︔ | ︵ᠠᠷᠪᠠᠨ ᠨᠢᠭᠡ︶ ᠳᠠᠭᠠᠭᠠᠴᠢᠯᠠᠯᠲᠠ ᠬᠦᠯᠢᠶᠡᠭᠴᠢ ᠡᠰᠡᠭᠦᠯ᠎ᠡ ᠠᠰᠢᠭ ᠬᠤᠣᠷ ᠤᠨ ᠬᠠᠷᠢᠴᠠᠭ᠎ᠠ ᠲᠠᠢ ᠪᠤᠰᠤᠳ | ᠬᠥᠮᠦᠨ ᠤ ᠡᠳ᠋ ᠮᠥᠩᠭᠦ ᠪᠤᠶᠤ ᠪᠤᠰᠤᠳ ᠠᠰᠢᠭ ᠲᠠᠢ ᠵᠦᠢᠯᠡᠰ ᠢ ᠬᠦᠯᠢᠶᠡᠠ ᠠᠪᠤᠭᠰᠠᠨ︔ | ︵ᠠᠷᠪᠠᠨ ᠬᠤᠶᠠᠷ︶ ᠳᠠᠭᠠᠭᠠᠴᠢᠯᠠᠯᠲᠠ ᠦᠨᠡᠯᠡᠬᠦ ᠺᠣᠮᠢᠰ ᠤᠨ ᠪᠦᠷᠢᠯᠳᠦᠬᠦᠨ ᠪᠤᠶᠤ ᠳᠠᠭᠠᠭᠠᠴᠢᠯᠠᠯᠲᠠ | ᠦᠨᠡᠯᠡᠬᠦ ᠳᠤ ᠣᠷᠣᠯᠴᠠᠭᠰᠠᠨ ᠬᠤᠯᠪᠣᠭᠳᠠᠯ ᠪᠦᠬᠦᠢ ᠠᠵᠢᠯᠳᠡᠠ ᠨᠢ ᠳᠠᠭᠠᠭᠠᠴᠢᠯᠠᠯᠲᠠ ᠵᠠᠷᠯᠬᠠᠰᠠᠨ ᠪᠢᠴᠢᠭ | ᠮᠠᠲ᠋ᠧᠷᠢᠶᠠᠯ ᠤᠨ ᠦᠨᠡᠯᠡᠵᠦ ᠬᠢᠨ᠋ᠬᠠᠰᠠᠨ ᠪᠠ ᠠᠳᠠᠯᠢᠳᠬᠠᠭᠰᠠᠨ᠂ ᠳᠠᠭᠠᠭᠠᠴᠢᠯᠠᠯᠲᠠ ᠤᠨᠤᠬᠤ ᠪᠠᠷ ᠵᠢᠱᠢᠭᠳᠡᠭᠰᠡᠳ ᠢ | ᠲᠠᠨᠢᠯᠴᠠᠭᠤᠯᠤᠭᠰᠠᠨ ᠵᠢᠴᠢ ᠳᠠᠭᠠᠭᠠᠴᠢᠯᠠᠯᠲᠠ ᠦᠨᠡᠯᠡᠬᠦ ᠳᠤ ᠬᠤᠯᠪᠣᠭᠳᠠᠬᠤ ᠪᠤᠰᠤᠳ ᠪᠠᠶᠢᠳᠠᠯ ᠢ ᠦᠷᠦᠬᠡᠯ | ᠪᠤᠰᠤᠳ ᠲᠤ ᠵᠠᠳᠠᠷᠠᠭᠤᠯᠤᠭᠰᠠᠨ︔ | ︵ᠠᠷᠪᠠᠨ ᠭᠤᠷᠪᠠ︶ ᠪᠠᠷᠢᠮᠵᠢᠶ᠎ᠠ ᠠᠴᠠ ᠬᠡᠲᠦᠷᠡᠭᠰᠡᠨ ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ | ᠠᠪᠬᠤ ᠪᠤᠶᠤ ᠪᠤᠰᠤᠳ ᠬᠡᠷᠡᠭᠯᠡᠭᠡᠨ ᠤ ᠱᠠᠭᠠᠷᠳᠠᠯᠭ᠎ᠠ ᠳᠤᠷᠠᠳᠤᠭᠰᠠᠨ︔ | ︵ᠠᠷᠪᠠᠨ ᠳᠥᠷᠪᠡ︶ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠤᠯᠢ ᠶᠣᠰᠣᠭᠠᠷ ᠰᠡᠵᠢᠭᠯᠡᠨ ᠠᠰᠠᠭᠤᠬᠤ᠂ | ᠵᠠᠭᠠᠯᠳᠤᠬᠤ᠂ ᠠᠰᠠᠭᠤᠨ ᠯᠠᠪᠯᠠᠬᠤ᠂ ᠬᠢᠨᠠᠯᠲᠠ ᠲᠠᠯᠪᠢᠬᠤ᠂ ᠪᠠᠶᠢᠴᠠᠭᠠᠯᠲᠠ ᠬᠢᠬᠦ ᠳᠤ ᠲᠣᠰᠠᠯᠠᠬᠤ ᠪᠠ | ᠬᠠᠮᠵᠢᠯᠴᠠᠬᠤ ᠶᠢ ᠲᠡᠪᠴᠢᠭᠰᠡᠨ︔ | ︵ᠠᠷᠪᠠᠨ ᠲᠠᠪᠤ︶ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠤᠪᠢ ᠠᠴᠠ ᠵᠠᠰᠠᠭ ᠤᠨ | ᠣᠷᠳᠣᠨ ᠤ ᠬᠤᠳᠠᠯᠳᠤᠨ ᠠᠪᠬᠤ ᠶᠢᠨ ᠨᠡᠶᠢᠲᠡ ᠳᠤ ᠢᠲᠡᠭᠡᠭᠦᠯᠬᠦ ᠬᠦᠴᠦᠨ ᠢ ᠬᠤᠬᠢᠷᠠᠭᠤᠯᠬᠤ ᠠᠵᠢᠯᠯᠠᠭ᠎ᠠ ᠬᠢᠭᠰᠡᠨ︔ | | ︵ᠠᠷᠪᠠᠨ ᠵᠢᠷᠭᠤᠭ᠎ᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ | ᠠᠵᠢᠯᠯᠠᠭ᠎ᠠ᠃ | ᠠᠷᠪᠠᠨ ᠲᠠᠪᠤᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠨᠢ ᠠᠩᠬ᠎ᠠ ᠤᠳᠠᠭ᠎ᠠ | ᠳᠠᠩᠰᠠᠯᠠᠭᠤᠯᠬᠤ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠭᠤᠤᠯ ᠴᠣᠭᠴᠠ ᠶᠢᠨ ᠮᠡᠳᠡᠭᠡ ᠵᠠᠩᠭᠢ ᠶᠢᠨ ᠬᠥᠮᠥᠷᠭᠡ ᠳᠤ ᠬᠠᠮᠢᠶ᠎ᠠ ᠪᠥᠬᠦᠶ ᠮᠡᠳᠡᠭᠡ ᠵᠠᠩᠭᠢ ᠶᠢ | ᠲᠠᠭᠯᠠᠨ ᠪᠢᠴᠢᠬᠦ ᠶᠢᠨ ᠬᠠᠮᠲᠤ᠂ ᠲᠡᠭᠦᠨ ᠤ ᠲᠠᠭᠯᠠᠭᠰᠠᠨ ᠢᠲᠡᠭᠡᠮᠵᠢ ᠶᠢᠨ ᠮᠡᠳᠡᠭᠡ ᠵᠠᠩᠭᠢ ᠳᠤ ᠪᠠᠨ ᠬᠠᠷᠢᠭᠤᠴᠠᠵᠤ᠂ | ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠠᠩᠬ᠎ᠠ ᠤᠳᠠᠭ᠎ᠠ ᠳᠠᠩᠰᠠᠯᠠᠭᠤᠯᠬᠤ ᠶᠢ | ᠪᠡᠶᠡᠯᠡᠭᠦᠯᠦᠭᠰᠡᠨ ᠪᠠᠶᠢᠪᠠᠯ᠂ ᠮᠡᠳᠡᠭᠡ ᠵᠠᠩᠭᠢ ᠳᠤ ᠬᠤᠪᠢᠷᠠᠯᠲᠠ ᠭᠠᠷᠤᠭᠰᠠᠨ ᠦᠶ᠎ᠡ ᠳᠤ ᠴᠠᠭ ᠲᠤᠬᠠᠢ ᠳᠤ ᠨᠢ | ᠨᠥᠬᠦᠪᠥᠷᠢᠯᠡᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ | ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠡᠯ᠎ᠡ ᠠᠵᠢᠯᠯᠠᠭᠤᠯᠵᠦ ᠦᠢᠯᠡᠴᠢᠯᠡᠬᠦ | ᠪᠠᠶᠢᠭᠤᠯᠤᠮᠵᠢ ᠨᠢ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ | ᠰᠢᠨᠡᠴᠢᠯᠡᠨ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠤᠣᠯ | ᠴᠣᠭᠴᠠ ᠶᠢᠨ ᠮᠡᠳᠡᠭᠡ ᠵᠠᠩᠭᠢ ᠶᠢᠨ ᠬᠦᠮᠦᠷᠭᠡ ᠶᠢᠨ ᠲᠤᠭ᠎ᠠ ᠪᠠᠷᠢᠮᠲᠠ ᠯᠤᠭ᠎ᠠ ᠵᠠᠯᠭᠠᠯᠳᠤᠭᠤᠯᠤᠨ ᠰᠣᠯᠢᠯᠴᠠᠬᠤ ᠶᠢ | ᠪᠡᠶᠡᠯᠡᠭᠦᠯᠬᠦ ᠬᠡᠷᠡᠭᠲᠡᠢ᠃ | ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ | ᠪᠠᠶᠢᠭᠤᠯᠤᠮᠵᠢ ᠨᠢ ᠬᠢᠨᠠᠨ ᠬᠡᠮᠵᠢᠭᠡᠳ ᠣᠯᠤᠭᠰᠠᠨ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠠᠨ ᠤ | ᠲᠤᠬᠠᠢ ᠶᠢᠨ ᠬᠥᠮᠦᠨ ᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠰᠦᠪᠡᠭᠴᠢ ᠶᠢ ᠲᠤᠰ ᠲᠥᠷᠥᠯ ᠵᠦᠢᠯ ᠳᠤ | ᠬᠢᠨᠠᠯᠲᠠ ᠲᠠᠯᠪᠢᠵᠤ ᠪᠠᠶᠢᠭ᠎ᠠ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ | ᠰᠢᠯᠵᠢᠭᠦᠯᠦᠨ ᠬᠦᠷᠭᠡᠵᠦ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠬᠠᠤᠯᠢ ᠴᠠᠭᠠᠵᠠ | ᠬᠠᠤᠯᠢ ᠲᠣᠭᠲᠠᠭᠠᠯ ᠤᠨ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ | ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ | ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ | ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ | ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠲᠠᠢ ᠪᠠᠶᠢᠭᠤᠯᠤᠮᠵᠢ ᠨᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ᠂ ᠲᠤᠬᠠᠶ ᠶᠢᠨ ᠬᠥᠮᠦᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ | ᠶᠠᠪᠤᠴᠠ ᠳᠤ ᠪᠣᠶ ᠪᠣᠯᠤᠭᠰᠠᠨ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠰᠢᠩᠬᠡᠬᠡᠨ ᠲᠡᠮᠳᠡᠭᠯᠡᠬᠦ ᠶᠢᠨ | ᠬᠠᠮᠲᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤ ᠨᠢ ᠠᠳᠠᠯᠢ ᠱᠠᠲᠤᠨ ᠤ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠳᠤ ᠲᠡᠪᠰᠢᠬᠦᠯᠦᠨ ᠬᠦᠷᠭᠡᠵᠦ᠂ ᠵᠡᠷᠭᠡ ᠳᠤ ᠨᠢ ᠠᠳᠠᠯᠢ ᠱᠠᠲᠤᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠬᠠᠭᠤᠯᠤᠨ ᠢᠯᠡᠬᠡᠭᠦ ᠪᠤᠶᠤ ᠬᠠᠮᠲᠤ ᠳᠤ ᠪᠠᠨ ᠭᠥᠷᠳᠡᠬᠦ ᠬᠡᠷᠡᠭᠲᠡᠶ᠃ | ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠠᠴᠠ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠳᠤ ᠵᠡᠷᠭᠡ ᠪᠠᠷ ᠲᠡᠪᠰᠢᠬᠦᠯᠦᠨ | ᠬᠦᠷᠭᠡᠬᠦ ᠬᠡᠷᠡᠭᠲᠡᠶ᠃ | ᠭᠤᠷᠪᠠᠳᠤᠭᠠᠷ ᠪᠦᠯᠦᠭ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠ ᠬᠠᠮᠲᠤ ᠪᠠᠷ ᠬᠦᠷᠲᠡᠬᠦ | ᠠᠷᠪᠠᠨ ᠨᠠᠢᠮᠠᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ ᠦᠨᠳᠦᠰᠦᠨ ᠮᠡᠳᠡᠭᠡ ᠵᠠᠩᠭᠢ | ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ᠂ ᠠᠮᠠᠯᠠᠯᠲᠠ ᠶᠢᠨ ᠮᠡᠳᠡᠭᠡ ᠵᠠᠩᠭᠢ᠂ ᠱᠠᠩᠨᠠᠯ ᠤᠨ | ᠮᠡᠳᠡᠭᠡ ᠵᠠᠩᠭᠢ ᠶᠢᠨ ᠨᠡᠷᠡᠶᠢᠳᠦᠯ ᠵᠢᠴᠢ ᠱᠠᠩᠨᠠᠵᠤ ᠨᠤᠲᠠᠯᠠᠭᠰᠠᠨ ᠪᠢᠴᠢᠭ ᠮᠠᠲ᠋ᠧᠷᠢᠶᠠᠯ᠂ ᠵᠠᠯᠬᠠᠭᠠᠨ ᠴᠡᠭᠡᠷᠯᠡᠭᠦᠯᠬᠦ | ᠮᠡᠳᠡᠭᠡ ᠵᠠᠩᠭᠢ ᠶᠢᠨ ᠨᠡᠷᠡᠶᠢᠳᠦᠯ᠂ ᠰᠢᠢᠳᠪᠦᠷᠢᠯᠡᠬᠦ ᠲᠣᠭᠲᠠᠭᠠᠯ ᠤᠨ ᠪᠢᠴᠢᠭ᠂ ᠰᠢᠢᠳᠪᠦᠷᠢᠯᠡᠬᠦ ᠴᠠᠭ ᠬᠤᠭᠤᠴᠠᠭ᠎ᠠ᠂ | ᠵᠠᠯᠬᠠᠭᠠᠨ ᠴᠡᠭᠡᠷᠯᠡᠭᠦᠯᠬᠦ ᠬᠤᠭᠤᠴᠠᠭ᠎ᠠ ᠬᠢᠵᠠᠭᠠᠷ ᠵᠡᠷᠭᠡ ᠶᠢ ᠡᠯ᠎ᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠴᠠᠭᠠᠵᠠ | ᠬᠠᠤᠯᠢ ᠲᠣᠭᠲᠠᠭᠠᠯ ᠳᠤ ᠲᠣᠭᠲᠠᠭᠠᠭᠰᠠᠨ ᠬᠤᠭᠤᠴᠠᠭ᠎ᠠ ᠬᠢᠵᠠᠭᠠᠷ ᠶᠣᠰᠣᠭᠠᠷ ᠢᠯᠡ ᠪᠣᠯᠭᠠᠬᠤ ᠬᠡᠷᠡᠭᠲᠡᠶ᠃ | ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢᠨ ᠲᠠᠯ᠎ᠠ ᠪᠠᠷ ᠬᠠᠤᠯᠢ ᠴᠠᠭᠠᠵᠠ ᠬᠠᠤᠯᠢ ᠲᠣᠭᠲᠠᠭᠠᠯ ᠳᠤ | ᠲᠣᠭᠲᠠᠭᠠᠭᠰᠠᠨ ᠥᠬᠡᠶ ᠪᠠᠶᠢᠪᠠᠯ᠂ ᠵᠠᠷᠴᠢᠮ ᠳᠡᠭᠡᠷ᠎ᠡ ᠪᠠᠨ ᠢᠯᠡ ᠪᠣᠯᠭᠠᠬᠤ ᠬᠤᠭᠤᠴᠠᠭ᠎ᠠ ᠬᠢᠵᠠᠭᠠᠷ ᠨᠢ ᠲᠠᠪᠤᠨ ᠵᠢᠯ | ᠪᠣᠯᠤᠨ᠎ᠠ᠃ ᠢᠯᠡ ᠪᠣᠯᠭᠠᠬᠤ ᠴᠠᠭ ᠬᠤᠭᠤᠴᠠᠭ᠎ᠠ ᠨᠢ ᠭᠦᠢᠴᠡᠭᠰᠡᠨ ᠪᠠᠶᠢᠪᠠᠯ ᠢᠯᠡ ᠪᠣᠯᠭᠠᠬᠤ ᠶᠢ ᠵᠣᠭᠰᠣᠭᠠᠵᠤ᠂ | ᠲᠠᠩᠰᠠ ᠡᠪᠬᠡᠮᠡᠯ ᠪᠣᠯᠭᠠᠨ ᠬᠠᠳᠠᠭᠠᠯᠠᠬᠤ ᠬᠡᠷᠡᠭᠲᠡᠶ᠃ | ᠬᠤᠷᠢᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ ᠳᠤᠲᠤᠷᠠᠬᠢ ᠳᠠᠭᠠᠭᠠᠴᠢᠯᠠᠯᠲᠠ | ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠤᠪᠢ ᠬᠥᠮᠦᠨ ᠤ ᠨᠢᠭᠤᠴᠠ᠂ ᠠᠵᠤ ᠠᠬᠤᠶᠢᠯᠠᠯ ᠤᠨ | ᠬᠤᠳᠠᠯᠳᠤᠭᠠᠨ ᠤ ᠨᠢᠭᠤᠴᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠢᠯᠡ ᠪᠣᠯᠭᠠᠵᠤ ᠪᠣᠯᠬᠤ ᠥᠬᠡᠶ | ᠭᠡᠵᠦ ᠲᠣᠭᠲᠠᠭᠠᠭᠰᠠᠨ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠥᠬᠡᠶ᠂ ᠭᠤᠶᠤᠴᠢᠯᠠᠬᠤ ᠠᠷᠭ᠎ᠠ ᠮᠠᠶ᠋ᠢᠭ ᠢᠶᠠᠷ | ᠳᠠᠮᠵᠢᠨ ᠪᠠᠶᠢᠴᠠᠭᠠᠨ ᠯᠠᠪᠯᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠳ᠋ᠷᠣᠨ ᠦᠢᠯᠡᠴᠢᠯᠡᠭᠡᠨ ᠤ ᠰᠢᠰᠲ᠋ᠧᠮ ᠨᠢ ᠬᠠᠮᠢᠶ᠎ᠠ | ᠪᠥᠬᠦᠶ ᠢᠲᠡᠭᠡᠮᠵᠢ ᠶᠢᠨ ᠮᠡᠳᠡᠭᠡ ᠵᠠᠩᠭᠢ ᠶᠢᠨ ᠢᠷᠡᠯᠲᠡ᠂ ᠲᠡᠮᠳᠡᠭᠯᠡᠬᠦ ᠬᠠᠷᠢᠭᠤᠴᠠᠯᠭ᠎ᠠ ᠶᠢᠨ ᠭᠤᠤᠯ ᠴᠣᠭᠴᠠ ᠪᠠ | ᠳᠡᠩᠰᠡᠯᠡᠨ ᠲᠡᠮᠳᠡᠭᠯᠡᠵᠦ ᠰᠡᠯᠭᠦᠬᠦ ᠴᠠᠭ ᠵᠡᠷᠭᠡ ᠠᠭᠤᠯᠭ᠎ᠠ ᠶᠢ ᠢᠯᠡ ᠪᠣᠯᠭᠠᠬᠤ ᠬᠡᠷᠡᠭᠲᠡᠶ᠃ ᠲᠣᠰ ᠠᠷᠭ᠎ᠠ ᠶᠢᠨ | ᠲᠣᠭᠲᠠᠭᠠᠯ ᠶᠣᠰᠣᠭᠠᠷ ᠲᠡᠮᠳᠡᠭᠯᠡᠵᠦ᠂ ᠡᠭᠦᠰᠭᠡᠵᠦ᠂ ᠰᠡᠯᠭᠦᠭᠰᠡᠨ ᠦᠭᠡᠢ ᠮᠡᠳᠡᠭᠡ ᠵᠠᠩᠭᠢ ᠶᠢ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠡᠨ ᠤ ᠡᠯᠧᠺᠳ᠋ᠷᠣᠨ ᠦᠢᠯᠡᠴᠢᠯᠡᠭᠡᠨ ᠤ ᠰᠢᠰᠲ᠋ᠧᠮ ᠳᠤ ᠢᠯᠡ ᠪᠣᠯᠭᠠᠬᠤ ᠪᠠ ᠬᠡᠷᠡᠭᠯᠡᠵᠦ | ᠪᠣᠯᠬᠤ ᠥᠬᠡᠶ᠃ | ᠬᠤᠷᠢᠨ ᠬᠤᠶᠠᠳᠤᠭᠠᠷ ᠵᠦᠢᠯ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ ᠡᠯ᠎ᠡ | ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠠᠴᠠ ᠳᠠᠮᠵᠢᠭᠤᠯᠤᠭᠰᠠᠨ | ᠢᠲᠡᠭᠡᠮᠵᠢ ᠶᠢᠨ ᠮᠡᠳᠡᠭᠡ ᠵᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠵᠠᠰᠠᠭ ᠵᠠᠬᠢᠷᠭᠠᠨ ᠤ ᠬᠢᠨᠠᠯᠲᠠ | ᠲᠠᠯᠪᠢᠬᠤ ᠰᠠᠯᠠᠭ᠎ᠠ ᠮᠥᠴᠢᠷ ᠤᠨ ᠣᠨᠣᠪᠴᠢᠲᠠᠶ ᠪᠠᠷ ᠴᠤᠭᠯᠠᠭᠤᠯᠤᠭᠰᠠᠨ ᠡᠯ᠎ᠡ ᠲᠥᠷᠥᠯ ᠤᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ | ᠭᠥᠯᠢᠶᠡᠨ ᠠᠪᠴᠤ᠂ ᠬᠠᠮᠲᠤ ᠳᠤ ᠨᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠠᠵᠢᠯ ᠲᠥᠷᠥᠯ ᠯᠦᠭᠡ | ᠮᠡᠳᠡᠭᠡ ᠵᠠᠩᠭᠢ ᠶᠢ ᠬᠠᠮᠳᠣ ᠳᠤ ᠨᠢ ᠭᠥᠷᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠳ᠋ᠷᠣᠨ ᠦᠢᠯᠡᠴᠢᠯᠡᠭᠡᠨ ᠤ ᠰᠢᠰᠲ᠋ᠧᠮ ᠢᠶᠠᠷ | ᠳᠠᠮᠵᠢᠭᠤᠯᠤᠨ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ | ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠨᠢ ᠬᠤᠯᠪᠣᠭᠳᠠᠯ ᠪᠥᠬᠦᠶ | ᠲᠣᠭᠲᠠᠭᠠᠯ ᠢ ᠴᠢᠩᠭ᠎ᠠ ᠵᠢᠷᠤᠮᠯᠠᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠲᠣᠭᠲᠠᠭᠠᠯ | ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠪᠥᠬᠦᠶ ᠮᠡᠷᠭᠡᠵᠢᠯ ᠤᠨ ᠠᠷᠭ᠎ᠠ ᠬᠡᠮᠵᠢᠶ᠎ᠡ ᠠᠪᠴᠤ᠂ | ᠳ᠋ᠠᠶᠢᠲ᠋ᠠ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠮᠡᠳᠡᠭᠡ ᠵᠠᠩᠭᠢ ᠶᠢᠨ | ᠳᠠᠩᠰᠠᠯᠠᠨ ᠲᠡᠮᠳᠡᠭᠯᠡᠬᠦ᠂ ᠪᠠᠶᠢᠴᠠᠭᠠᠨ ᠯᠠᠪᠯᠠᠬᠤ᠂ ᠬᠡᠷᠡᠭᠯᠡᠬᠦ᠂ ᠬᠢᠨᠠᠨ ᠪᠤᠳᠤᠬᠤ᠂ ᠬᠠᠷᠭᠤᠭᠤᠯᠤᠨ ᠰᠢᠯᠭᠠᠬᠤ | ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠯᠡᠪᠡᠷᠡᠬᠦ ᠠᠴᠠ ᠰᠡᠷᠭᠡᠶᠢᠯᠡᠨ ᠬᠤᠷᠢᠭᠯᠠᠬᠤ | ᠬᠡᠷᠡᠭᠲᠡᠢ᠃ | ᠳᠥᠷᠪᠡᠳᠦᠭᠡᠷ ᠪᠦᠯᠦᠭ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡ | ᠬᠤᠷᠢᠨ ᠳᠥᠷᠪᠡᠳᠦᠭᠡᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠶᠠᠪᠤᠴᠠ ᠳᠤ᠂ ᠢᠲᠡᠭᠡᠮᠵᠢ ᠶᠢᠨ ᠦᠨᠡᠯᠡᠬᠦ ᠳᠦᠷᠢᠮ ᠢ | ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ | ᠢᠲᠡᠭᠡᠮᠵᠢ ᠶᠢᠨ ᠦᠨᠡᠯᠡᠭᠰᠡᠨ ᠦᠷ᠎ᠡ ᠳ᠋ᠦᠩ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ | ᠬᠠᠮᠢᠶᠠᠷᠤᠯᠲᠠ ᠵᠢᠴᠢ ᠲᠤᠬᠠᠶᠢᠯᠠᠭᠰᠠᠨ ᠠᠵᠢᠯ ᠥᠷᠨᠢᠭᠦᠯᠬᠦ ᠶᠢᠨ ᠴᠢᠬᠤᠯᠠ ᠦᠨᠳᠦᠰᠦᠯᠡᠯ ᠪᠣᠯᠭᠠᠵᠤ ᠪᠣᠯᠤᠨ᠎ᠠ᠃ | ᠬᠤᠷᠢᠨ ᠲᠠᠪᠤᠳᠤᠭᠠᠷ ᠵᠦᠢᠯ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠵᠢᠴᠢ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ | ᠦᠢᠯᠡᠴᠢᠯᠡᠭᠡᠨ ᠤ ᠪᠠᠶᠢᠭᠤᠯᠤᠮᠵᠢ ᠨᠢ ᠠᠳᠠᠯᠢ ᠪᠤᠰᠤ ᠠᠷᠠᠯᠵᠢᠶᠡᠨ ᠤ ᠲᠥᠷᠥᠯ ᠬᠡᠯᠪᠡᠷᠢ ᠶᠢᠨ ᠣᠨᠴᠠᠯᠢᠭ ᠢ | ᠦᠨᠳᠦᠰᠦᠯᠡᠨ᠂ ᠠᠷᠠᠯᠵᠢᠶᠡᠨ ᠤ ᠭᠤᠤᠯ ᠴᠣᠭᠴᠠ ᠶᠢᠨ ᠢᠲᠡᠭᠡᠮᠵᠢ ᠶᠢᠨ ᠦᠨᠡᠯᠡᠬᠦ ᠲᠣᠨᠨᠳᠠᠯᠴᠠᠭ᠎ᠠ ᠶᠢ ᠪᠠᠶᠢᠭᠤᠯᠵᠤ᠂ | ᠦᠨᠡᠯᠡᠬᠦ ᠠᠷᠭ᠎ᠠ ᠪᠠᠨ ᠲᠣᠳᠣᠷᠬᠠᠶᠢᠯᠠᠨ᠂ ᠢᠲᠡᠭᠡᠮᠵᠢ ᠪᠠᠷ ᠰᠠᠭᠤᠷᠢ ᠪᠣᠯᠭᠠᠭᠰᠠᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ | ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ ᠦᠢᠯᠡᠴᠢᠯᠡᠭᠡᠨ ᠤ ᠪᠠᠶᠢᠭᠤᠯᠤᠮᠵᠢ ᠵᠢᠴᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠭᠤᠤᠯ ᠴᠣᠭᠴᠠ ᠶᠢ ᠵᠣᠷᠢᠭᠵᠢᠭᠤᠯᠵᠤ ᠪᠠᠶᠢᠭᠠᠳ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠠᠵᠢᠯ ᠶᠠᠪᠤᠳᠠᠯ ᠤᠨ ᠡᠮᠦᠨᠡᠬᠢ ᠳᠤᠮᠳᠠᠬᠢ ᠪᠠ ᠳᠠᠷᠠᠭᠠᠬᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠲᠠᠪᠴᠠᠩ ᠢᠶᠠᠷ ᠢᠯᠡ ᠪᠣᠯᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠭᠦᠯᠵᠦ᠂ | ᠢᠲᠡᠭᠡᠮᠵᠢ ᠶᠢᠨ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠯᠳᠦᠭᠦᠯᠦᠨ ᠠᠬᠢᠭᠤᠯᠬᠤ | ᠬᠡᠷᠡᠭᠲᠡᠶ᠃ | ᠬᠤᠷᠢᠨ ᠳᠣᠯᠣᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠤ ᠢᠲᠡᠭᠡᠮᠵᠢ ᠶᠢᠨ ᠦᠨᠡᠯᠡᠭᠰᠡᠨ | ᠦᠷ᠎ᠡ ᠳ᠋ᠦᠩ ᠨᠢ ᠰᠠᠶᠢᠨ ᠪᠠᠶᠢᠪᠠᠯ᠂ ᠳᠣᠤᠷᠠᠬᠢ ᠮᠡᠲᠦ ᠤᠷᠮᠠᠰᠢᠭᠤᠯᠬᠤ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | ︵ᠨᠢᠭᠡ︶ ᠲᠥᠷᠥᠯ ᠵᠦᠢᠯ ᠡᠭᠦᠰᠭᠡᠨ ᠪᠠᠶᠢᠭᠤᠯᠤᠭᠴᠢ ᠶᠢ ᠵᠤᠷᠢᠨᠨᠵᠢᠭᠤᠯᠵᠦ ᠪᠠᠶᠢᠭᠠᠳ ᠢᠲᠡᠭᠡᠮᠵᠢ ᠶᠢᠨ | ᠦᠨᠡᠯᠡᠭᠰᠡᠨ ᠦᠷ᠎ᠡ ᠳ᠋ᠦᠩ ᠢᠶᠠᠷ ᠰᠠᠶᠢᠨ ᠪᠠᠶᠢᠬᠤ ᠵᠠᠭᠤᠴᠢ ᠣᠷᠤᠯᠠᠭᠴᠢ ᠪᠠ ᠦᠢᠯᠡᠴᠢᠯᠡᠭᠡᠨ ᠤ ᠪᠠᠶᠢᠭᠤᠯᠤᠮᠵᠢ ᠶᠢ | ᠤᠷᠢᠳ ᠢᠶᠠᠷ ᠰᠣᠩᠭᠤᠭᠤᠯᠣᠨ᠎ᠠ︔ | ︵ᠬᠤᠶᠠᠷ︶ ᠡᠳᠦᠷ ᠲᠤᠲᠤᠮ ᠤᠨ ᠪᠠᠶᠢᠴᠠᠭᠠᠯᠲᠠ᠂ ᠲᠤᠰᠬᠠᠶ ᠵᠦᠢᠯ ᠤᠨ ᠪᠠᠶᠢᠴᠠᠭᠠᠯᠲᠠ᠂ ᠲᠠᠰᠢᠷᠠᠮ ᠢᠶᠠᠷ | ᠰᠤᠭᠤᠴᠢᠨ ᠪᠠᠶᠢᠴᠠᠭᠠᠬᠤ ᠬᠠᠷᠢᠴᠠᠯ ᠪᠠ ᠤᠳᠠᠭ᠎ᠠ ᠳᠠᠷᠠᠭ᠎ᠠ ᠶᠢ ᠨᠢ ᠪᠠᠭᠤᠷᠠᠭᠤᠯᠤᠨ᠎ᠠ᠃ | ᠬᠤᠷᠢᠨ ᠨᠠᠢᠮᠠᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠣᠬᠠᠢ ᠶᠢᠨ ᠬᠥᠮᠦᠨ ᠳᠤ ᠠᠷᠪᠠᠨ ᠨᠢᠭᠡᠳᠦᠭᠡᠷ | ᠵᠦᠢᠯ ᠠᠴᠠ ᠠᠷᠪᠠᠨ ᠳᠥᠷᠪᠡᠳᠦᠭᠡᠷ ᠵᠦᠢᠯ ᠬᠦᠷᠲᠡᠯ᠎ᠡ ᠲᠣᠭᠲᠠᠭᠠᠭᠰᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ | ᠪᠠᠶᠢᠪᠠᠯ᠂ ᠳᠣᠤᠷᠠᠬᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄ | ︵ᠨᠢᠭᠡ︶ ᠲᠥᠷᠥᠯ ᠵᠦᠢᠯ ᠢ ᠡᠭᠦᠰᠭᠡᠨ ᠪᠠᠶᠢᠭᠤᠯᠤᠭᠴᠢ ᠨᠢ ᠵᠠᠭᠤᠴᠢ ᠣᠷᠤᠯᠠᠭᠴᠢ ᠪᠤᠶᠤ ᠦᠢᠯᠡᠴᠢᠯᠡᠭᠡᠨ ᠤ | ᠪᠠᠶᠢᠭᠤᠯᠤᠮᠵᠢ ᠶᠢᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠪᠠᠶᠢᠴᠠᠭᠠᠨ ᠯᠠᠪᠯᠠᠬᠤ ᠪᠠᠷ ᠳᠠᠮᠵᠢᠭᠤᠯᠤᠨ᠂ | ᠢᠲᠡᠭᠡᠮᠵᠢ ᠠᠯᠳᠠᠭᠰᠠᠨ ᠵᠠᠭᠤᠴᠢ ᠣᠷᠣᠯᠬᠠᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠤ ᠠᠬᠤᠶᠢᠯᠠᠯ ᠤᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠶᠢᠯᠠᠭᠰᠠᠨ ᠠᠵᠢᠯ ᠢᠶᠠᠨ ᠳᠠᠭᠠᠭᠠᠨ ᠵᠠᠯᠭᠠᠭᠤᠯᠬᠤ ᠶᠢ | ᠬᠠᠤᠯᠢ ᠶᠣᠰᠣᠭᠠᠷ ᠬᠢᠵᠠᠭᠠᠷᠯᠠᠨ᠎ᠠ︔ | ︵ᠬᠤᠶᠠᠷ︶ ᠲᠥᠷᠥᠯ ᠵᠦᠢᠯ ᠡᠭᠦᠰᠭᠡᠨ ᠪᠠᠶᠢᠭᠤᠯᠤᠭᠴᠢ ᠠᠴᠠ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ | ᠬᠤᠳᠠᠯᠳᠤᠨ ᠠᠪᠤᠯᠲᠠ ᠶᠢᠨ ᠪᠢᠴᠢᠭ ᠮᠠᠲ᠋ᠧᠷᠢᠶᠠᠯ ᠵᠡᠷᠭᠡ ᠠᠷᠠᠯᠵᠢᠶᠠᠨ ᠤ ᠪᠢᠴᠢᠭ ᠮᠠᠲ᠋ᠧᠷᠢᠶᠠᠯ ᠢᠶᠠᠷ ᠳᠡᠮᠵᠢᠨ | ᠪᠣᠯᠵᠣᠨ ᠲᠣᠭᠲᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠣᠷᠣᠯᠴᠠᠬᠤ ᠶᠢ ᠨᠢ ᠬᠠᠤᠯᠢ | ᠶᠣᠰᠣᠭᠠᠷ ᠬᠢᠵᠠᠭᠠᠷᠯᠠᠨ᠎ᠠ᠃ ᠬᠤᠯᠪᠣᠭᠠᠲᠤ ᠴᠣᠭᠴᠠ ᠶᠢᠨ ᠬᠡᠯᠪᠡᠷᠢ ᠪᠠᠷ ᠠᠷᠠᠯᠵᠢᠶᠠᠯᠠᠬᠤ ᠪᠠᠷ ᠭᠤᠶᠤᠴᠢᠯᠠᠭᠰᠠᠨ᠂ | ᠬᠤᠯᠪᠣᠭᠠᠲᠤ ᠴᠣᠭᠴᠠ ᠶᠢᠨ ᠪᠦᠷᠢᠯᠳᠦᠬᠦᠨ ᠨᠢ ᠵᠠᠯᠬᠠᠭᠠᠨ ᠴᠡᠭᠡᠷᠯᠡᠭᠦᠯᠦᠭᠳᠡᠭᠰᠡᠨ ᠮᠡᠳᠡᠭᠡ ᠵᠠᠩᠭᠢ ᠲᠠᠢ ᠪᠠᠶᠢᠪᠠᠯ᠂ | ᠲᠣᠰ ᠬᠤᠯᠪᠣᠭᠠᠲᠤ ᠴᠣᠭᠴᠠ ᠶᠢ ᠵᠠᠯᠬᠠᠭᠠᠨ ᠴᠡᠭᠡᠷᠯᠡᠭᠦᠯᠬᠦ ᠡᠲᠡᠭᠡᠳ ᠢᠶᠠᠷ ᠦᠵᠡᠬᠦ ᠬᠡᠷᠡᠭᠲᠡᠶ︔ | ︵ᠭᠤᠷᠪᠠ︶ ᠳᠠᠭᠠᠭᠠᠴᠢᠯᠠᠯᠲᠠ ᠦᠨᠡᠯᠡᠨ ᠬᠢᠨᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠵᠠᠯᠬᠠᠭᠠᠨ | ᠴᠡᠭᠡᠷᠯᠡᠭᠦᠯᠬᠦ ᠮᠡᠳᠡᠭᠡ ᠵᠠᠩᠭᠢ ᠶᠢᠨ ᠬᠦᠴᠦᠨ ᠲᠠᠢ ᠬᠤᠭᠤᠴᠠᠭᠠᠨ ᠳᠠᠬᠢ ᠲᠤᠰᠬᠠᠶ ᠮᠡᠷᠭᠡᠵᠢᠯᠲᠡᠨ ᠤ ᠳᠠᠭᠠᠭᠠᠴᠢᠯᠠᠯᠲᠠ | ᠦᠨᠡᠯᠡᠨ ᠬᠢᠨᠠᠬᠤ ᠳᠤ ᠣᠷᠣᠯᠴᠠᠬᠤ ᠶᠢ ᠬᠢᠵᠠᠭᠠᠷᠯᠠᠬᠤ ᠬᠡᠷᠡᠭᠲᠡᠶ︔ | ︵ᠳᠥᠷᠪᠡ︶ ᠵᠠᠭᠤᠴᠢ ᠣᠷᠣᠯᠠᠭᠴᠢ ᠪᠤᠶᠤ ᠦᠢᠯᠡᠴᠢᠯᠡᠭᠡᠨ ᠤ ᠪᠠᠶᠢᠭᠤᠯᠤᠮᠵᠢ ᠨᠢ ᠵᠠᠯᠬᠠᠭᠠᠨ ᠴᠡᠭᠡᠷᠯᠡᠭᠦᠯᠬᠦ | ᠮᠡᠳᠡᠭᠡ ᠵᠠᠩᠭᠢ ᠶᠢᠨ ᠬᠦᠴᠦᠨ ᠲᠠᠢ ᠬᠤᠭᠤᠴᠠᠭᠠᠨ ᠳᠠᠬᠢ ᠠᠵᠢᠯᠲᠠᠨ ᠢ ᠬᠡᠷᠡᠭᠯᠡᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠣᠷᠣᠯᠴᠠᠭᠤᠯᠵᠤ ᠪᠣᠯᠬᠤ ᠥᠬᠡᠶ︔ | ︵ᠲᠠᠪᠤ︶ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠨᠢ ᠵᠠᠯᠬᠠᠭᠠᠨ ᠴᠡᠭᠡᠷᠯᠡᠭᠦᠯᠬᠦ ᠮᠡᠳᠡᠭᠡ | ᠵᠠᠩᠭᠢ ᠲᠠᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠢ ᠭᠤᠣᠯᠳᠠᠯᠭ᠎ᠠ ᠲᠠᠢ | ᠬᠢᠨᠠᠯᠲᠠ ᠲᠠᠯᠪᠢᠨ ᠪᠠᠶᠢᠴᠠᠭᠠᠬᠤ ᠡᠲᠡᠭᠡᠳ ᠪᠣᠯᠭᠠᠵᠤ᠂ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠ ᠲᠤᠰᠬᠠᠶ | ᠪᠠᠶᠢᠴᠠᠭᠠᠯᠲᠠ ᠶᠢᠨ ᠶᠠᠪᠤᠴᠠ ᠳᠤ ᠪᠠᠨ ᠪᠠᠶᠢᠴᠠᠭᠠᠬᠤ ᠳᠠᠪᠲᠠᠮᠵᠢ ᠤᠳᠠᠭ᠎ᠠ ᠶᠢ ᠨᠢ ᠨᠡᠮᠡᠭᠳᠡᠭᠦᠯᠬᠦ ᠬᠡᠷᠡᠭᠲᠡᠶ᠃ | ᠬᠤᠷᠢ ᠶᠢᠰᠦᠳᠦᠭᠡᠷ ᠵᠦᠢᠯ | ᠠᠷᠠᠯᠵᠢᠶᠠᠨ ᠤ ᠡᠭᠦᠰᠭᠡᠨ ᠪᠠᠶᠢᠭᠤᠯᠤᠭᠴᠢ᠂ ᠵᠠᠭᠤᠴᠢ ᠣᠷᠤᠯᠠᠭᠴᠢ ᠪᠤᠶᠤ ᠦᠢᠯᠡᠴᠢᠯᠡᠭᠡᠨ ᠤ | ᠪᠠᠶᠢᠭᠤᠯᠤᠮᠵᠢ ᠨᠤᠭᠤᠳ ᠢ ᠵᠣᠷᠢᠭᠵᠢᠭᠤᠯᠵᠤ ᠪᠠᠶᠢᠭᠠᠳ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠠᠶᠢᠷᠠᠭᠤᠯᠤᠨ | ᠵᠣᠬᠢᠶᠠᠬᠤ ᠳᠤ᠂ ᠢᠲᠡᠭᠡᠮᠵᠢ ᠶᠢᠨ ᠦᠨᠡᠯᠡᠬᠦ ᠬᠤᠪᠢ ᠶᠢᠨ ᠬᠡᠮᠵᠢᠭᠳᠡᠯ ᠢ ᠳᠠᠭᠠᠭᠠᠴᠢᠯᠠᠯᠲᠠ ᠦᠨᠡᠯᠡᠬᠦ ᠬᠤᠪᠢ ᠶᠢᠨ | ᠬᠡᠮᠵᠢᠭᠳᠡᠯ ᠳᠤ ᠣᠷᠤᠭᠤᠯᠬᠤ ᠮᠦᠷᠲᠡᠭᠡᠨ ᠳᠠᠭᠠᠭᠠᠴᠢᠯᠠᠯᠲᠠ ᠦᠨᠡᠯᠡᠬᠦ ᠬᠤᠪᠢ ᠶᠢᠨ ᠬᠡᠮᠵᠢᠭᠳᠡᠯ ᠳᠤ ᠡᠵᠡᠯᠡᠬᠦ | ᠬᠤᠪᠢ ᠶᠢᠨ ᠵᠢᠩ ᠢ 3% — 5% ᠪᠣᠯᠭᠠᠨ᠎ᠠ᠃ | ᠭᠤᠴᠢᠳᠤᠭᠠᠷ ᠵᠦᠢᠯ | ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠱᠠᠩᠨᠠᠯ ᠤᠨ ᠮᠡᠳᠡᠭᠡ ᠵᠠᠩᠭᠢ ᠶᠢ ᠢᠯᠡ | ᠪᠣᠯᠭᠠᠬᠤ ᠬᠦᠴᠦᠨ ᠲᠠᠢ ᠬᠤᠭᠤᠴᠠᠭ᠎ᠠ ᠨᠢ ᠲᠠᠭᠤᠰᠤᠨᠨᠰᠠᠨ ᠪᠤᠶᠤ ᠱᠠᠩᠨᠠᠯ ᠤᠨ ᠮᠡᠳᠡᠭᠡ ᠵᠠᠩᠭᠢ ᠶᠢ ᠢᠯᠡ ᠪᠣᠯᠭᠠᠬᠤ | ᠬᠦᠴᠦᠨ ᠲᠠᠢ ᠬᠤᠭᠤᠴᠠᠭᠠᠨ ᠳᠤ ᠲᠣᠬᠠᠢ ᠶᠢᠨ ᠬᠦᠮᠦᠨ ᠳᠤ ᠠᠷᠪᠠᠨ ᠨᠢᠭᠡᠳᠦᠭᠡᠷ ᠵᠦᠢᠯ ᠠᠴᠠ ᠠᠷᠪᠠᠨ ᠳᠥᠷᠪᠡᠳᠦᠭᠡᠷ | ᠵᠦᠢᠯ ᠬᠦᠷᠲᠡᠯ᠎ᠡ ᠲᠣᠭᠲᠠᠭᠠᠭᠰᠠᠨ ᠪᠠᠶᠢᠳᠠᠯ ᠲᠠᠢ ᠪᠠᠶᠢᠪᠠᠯ᠂ ᠱᠠᠩᠨᠠᠬᠤ ᠠᠷᠭ᠎ᠠ ᠬᠡᠮᠵᠢᠶ᠎ᠡ ᠶᠢ ᠳᠠᠷᠦ᠋ᠢᠬᠠᠨ | ᠵᠣᠭᠰᠤᠭᠠᠨ᠎ᠠ᠃ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠪᠣᠯ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ | ᠢᠯᠡ ᠪᠣᠯᠭᠠᠬᠤ ᠬᠦᠴᠦᠨ ᠲᠠᠢ ᠬᠤᠭᠤᠴᠠᠭ᠎ᠠ ᠳᠠᠭᠤᠰᠤᠭᠰᠠᠨ᠂ ᠡᠰᠡᠬᠦᠯ᠎ᠡ ᠬᠠᠤᠯᠢ ᠴᠠᠭᠠᠵᠠ ᠬᠠᠤᠯᠢ ᠲᠣᠭᠲᠠᠭᠠᠯ | ᠶᠣᠰᠣᠭᠠᠷ ᠬᠦᠴᠦᠨ ᠥᠬᠡᠶ ᠪᠣᠯᠭᠠᠬᠤ ᠦᠶ᠎ᠡ ᠳᠤ ᠵᠣᠭᠰᠤᠭᠠᠨ᠎ᠠ᠃ | ᠭᠤᠴᠢᠨ ᠨᠢᠭᠡᠳᠦᠭᠡᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠪᠣᠢ | ᠪᠣᠯᠭᠠᠭᠰᠠᠨ ᠲᠤᠬᠠᠢ ᠶᠢᠨ ᠬᠥᠮᠦᠨ ᠳᠤ᠂ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ | ᠮᠥᠴᠢᠷ ᠨᠢ ᠪᠤᠰᠤᠳ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠭᠠᠶᠢᠯᠢ | ᠲᠠᠲᠠᠪᠤᠷᠢ᠂ ᠠᠵᠤ ᠦᠢᠯᠡᠳᠪᠦᠷᠢ ᠬᠤᠳᠠᠯᠳᠤᠭ᠎ᠠ ᠶᠢᠨ ᠢᠲᠡᠭᠡᠮᠵᠢ ᠶᠢᠨ ᠬᠠᠮᠢᠶᠠᠷᠤᠯᠲᠠ᠂ ᠪᠡᠯᠡ ᠲᠣᠬᠢᠷᠠᠭᠤᠯᠭ᠎ᠠ ᠶᠢᠨ | ᠢᠲᠡᠭᠡᠮᠵᠢ ᠣᠯᠭᠤᠬᠤ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠵᠦ ᠰᠠᠯᠭᠠᠨ ᠥᠭᠬᠦ᠂ ᠪᠠᠶᠢᠴᠠᠭᠠᠨ ᠰᠢᠯᠭᠠᠵᠤ | ᠬᠢᠵᠢᠭ ᠪᠠᠶᠢᠴᠠᠭᠠᠬᠤ᠂ ᠪᠣᠭᠤᠮᠲᠠ ᠶᠢᠨ ᠭᠡᠷᠡᠴᠢᠯᠡᠯᠲᠡ᠂ ᠵᠠᠰᠠᠭ ᠤᠨ ᠣᠷᠳᠣᠨ ᠤ ᠴᠢᠨᠠᠷᠲᠠᠶ ᠪᠡᠯᠡ ᠮᠦᠩᠬᠦᠨ ᠤ | ᠳᠡᠮᠵᠢᠯᠭᠡ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭ ᠲᠠᠷᠬᠠᠭᠠᠬᠤ᠂ ᠪᠣᠭᠤᠮᠲᠠ ᠶᠢᠨ ᠭᠠᠶᠢᠯᠢ ᠶᠢᠨ | ᠨᠤᠭᠳᠠᠯ ᠤᠨ ᠬᠤᠪᠢᠶᠠᠷᠢᠯᠠᠯᠲᠠ ᠵᠡᠷᠭᠡ ᠬᠦᠷᠢᠶᠡᠨ ᠳᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠶᠣᠰᠣᠭᠠᠷ | ᠬᠡᠷᠡᠭᠵᠢᠭᠦᠯᠬᠦ ᠬᠡᠷᠡᠭᠲᠡᠶ᠃ | ᠲᠠᠪᠤᠳᠤᠭᠠᠷ ᠪᠦᠯᠦᠭ ᠡᠷᠬᠡ ᠠᠰᠢᠭ ᠤᠨ ᠬᠠᠮᠠᠭᠠᠯᠠᠯᠲᠠ | ᠭᠤᠴᠢᠨ ᠬᠤᠶᠠᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠪᠤᠶᠤ ᠠᠰᠢᠭ ᠬᠤᠤᠷ ᠤᠨ | ᠬᠠᠷᠢᠴᠠᠭ᠎ᠠ ᠲᠠᠢ ᠬᠥᠮᠦᠨ ᠨᠢ ᠢᠯᠡ ᠪᠣᠯᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠨᠢ ᠪᠣᠳᠠᠲᠤ ᠪᠠᠶᠢᠳᠠᠯ ᠲᠠᠢ | ᠨᠡᠶᠢᠴᠡᠬᠦ ᠥᠬᠡᠶ ᠭᠡᠵᠦ ᠦᠵᠡᠪᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ | ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠪᠤᠶᠤ ᠢᠲᠡᠭᠡᠮᠵᠢ ᠶᠢᠨ ᠮᠡᠳᠡᠭᠡ ᠵᠠᠩᠭᠢ ᠶᠢᠨ ᠢᠷᠡᠯᠲᠡ ᠶᠢᠨ ᠨᠢᠭᠡᠴᠢ ᠳᠤ | ᠪᠢᠴᠢᠭ ᠤᠨ ᠬᠡᠯᠪᠡᠷᠢ ᠪᠠᠷ ᠣᠨᠳᠣᠤ ᠰᠠᠨᠠᠯ ᠢᠶᠠᠨ ᠳᠤᠷᠠᠳᠴᠤ ᠪᠣᠯᠤᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠲᠠᠪᠴᠠᠩ ᠤᠨ ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠨᠢ ᠣᠨᠳᠣᠤ ᠰᠠᠨᠠᠯ ᠢ ᠭᠥᠯᠢᠶᠡᠨ | ᠠᠪᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠣᠨᠳᠣᠤ ᠰᠠᠨᠠᠯ ᠢᠶᠠᠨ ᠢᠲᠡᠭᠡᠮᠵᠢ ᠶᠢᠨ | ᠮᠡᠳᠡᠭᠡ ᠵᠠᠩᠭᠢ ᠶᠢᠨ ᠢᠷᠡᠯᠲᠡ ᠶᠢᠨ ᠨᠢᠭᠡᠴᠢ ᠳᠤ ᠰᠢᠯᠵᠢᠭᠦᠯᠦᠨ ᠬᠦᠷᠭᠡᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ | ᠢᠷᠡᠯᠲᠡ ᠶᠢᠨ ᠨᠢᠭᠡᠴᠢ ᠨᠢ ᠣᠨᠳᠣᠤ ᠰᠠᠨᠠᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 20 ᠠᠵᠢᠯᠯᠠᠬᠤ | ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢᠨ ᠬᠠᠮᠲᠤ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠬᠠᠮᠲᠤ ᠳᠤ ᠨᠢ | ᠣᠨᠳᠣᠤ ᠰᠠᠨᠠᠯ ᠳᠤᠷᠠᠳᠤᠭᠰᠠᠨ ᠬᠥᠮᠦᠨ ᠳᠤ ᠮᠡᠳᠡᠭᠳᠡᠬᠦ ᠬᠡᠷᠡᠭᠲᠡᠶ᠃ ᠬᠠᠮᠢᠶ᠎ᠠ ᠪᠥᠬᠦᠶ ᠮᠡᠳᠡᠭᠡ ᠵᠠᠩᠭᠢ ᠨᠢ ᠪᠣᠳᠠᠲᠤ | ᠪᠠᠶᠢᠳᠠᠯ ᠲᠠᠢ ᠨᠡᠶᠢᠴᠡᠬᠦ ᠥᠬᠡᠶ ᠪᠠᠶᠢᠪᠠᠯ᠂ ᠮᠡᠳᠡᠭᠡ ᠵᠠᠩᠭᠢ ᠶᠢᠨ ᠢᠷᠡᠯᠲᠡ ᠶᠢᠨ ᠨᠢᠭᠡᠴᠢ ᠨᠢ ᠴᠠᠭ ᠲᠤᠬᠠᠶ ᠳᠤ ᠨᠢ | ᠵᠠᠯᠠᠷᠠᠭᠤᠯᠬᠤ ᠶᠢᠨ ᠬᠠᠮᠲᠤ᠂ ᠵᠠᠯᠠᠷᠠᠭᠤᠯᠤᠨᠨᠰᠠᠨ ᠦᠷ᠎ᠡ ᠳ᠋ᠦᠩ ᠢᠶᠠᠨ ᠤᠤᠯ ᠤᠨ ᠮᠡᠳᠡᠭᠡ ᠵᠠᠩᠭᠢ ᠶᠢ ᠢᠯᠡ | ᠪᠣᠯᠭᠠᠭᠰᠠᠨ ᠵᠠᠮ ᠮᠥᠷ ᠢᠶᠠᠷ ᠢᠯᠡ ᠨᠡᠶᠢᠲᠡᠯᠡᠬᠦ ᠶᠢᠨ ᠬᠠᠮᠲᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ | ᠲᠠᠪᠴᠠᠩ ᠳᠤ ᠬᠠᠮᠳᠤ ᠳᠤ ᠨᠢ ᠬᠤᠪᠢᠶᠠᠯᠴᠠᠵᠤ ᠲᠠᠯᠪᠢᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ | ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ | ᠬᠢᠨᠠᠯᠲᠠ ᠲᠠᠯᠪᠢᠬᠤ ᠰᠠᠯᠠᠭ᠎ᠠ ᠮᠥᠴᠢᠷ᠂ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ | ᠦᠢᠯᠡᠴᠢᠯᠡᠭᠡᠨ ᠤ ᠪᠠᠶᠢᠭᠤᠯᠤᠮᠵᠢ ᠬᠢᠭᠡᠳ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ | ᠠᠵᠢᠯᠯᠠᠭᠤᠯᠵᠤ ᠦᠢᠯᠡᠴᠢᠯᠡᠬᠦ ᠪᠠᠶᠢᠭᠤᠯᠤᠮᠵᠢ ᠵᠢᠴᠢ ᠲᠡᠭᠦᠨ ᠤ ᠠᠵᠢᠯᠲᠠᠳ ᠤᠯᠠᠨ ᠨᠡᠶᠢᠲᠠ ᠶᠢᠨ ᠡᠬᠢ ᠪᠠᠶᠠᠯᠢᠭ ᠤᠨ | ᠠᠷᠠᠯᠵᠢᠶᠡᠨ ᠤ ᠢᠲᠡᠭᠡᠮᠵᠢ ᠶᠢᠨ ᠬᠠᠮᠢᠶᠠᠷᠤᠯᠲᠠ ᠳᠤ ᠬᠠᠤᠯᠢ ᠶᠣᠰᠣᠭᠠᠷ ᠡᠭᠦᠷᠭᠡ ᠪᠠᠨ ᠭᠦᠢᠴᠡᠳᠬᠡᠭᠰᠡᠨ ᠦᠭᠡᠢ᠂ | ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠢ ᠣᠯᠵᠤ ᠮᠡᠳᠡᠪᠡᠯ᠂ ᠲᠡᠭᠦᠨ ᠢ ᠵᠠᠯᠠᠷᠠᠭᠤᠯᠬᠤ ᠪᠠᠷ | ᠱᠠᠭᠠᠷᠳᠠᠬᠤ ᠪᠤᠶᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠯᠭ᠎ᠠ ᠭᠠᠷᠭᠠᠵᠤ | ᠪᠣᠯᠤᠨ᠎ᠠ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠳᠥᠷᠪᠡᠳᠦᠭᠡᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠤᠬᠠᠢ ᠶᠢᠨ ᠬᠥᠮᠦᠨ ᠬᠤᠳᠠᠯ ᠬᠠᠭᠤᠷᠮᠠᠭ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠬᠠᠩᠭᠠᠭᠰᠠᠨ ᠪᠣᠯ᠂ ᠵᠠᠰᠠᠭ | ᠵᠠᠬᠢᠷᠭᠠᠨ ᠤ ᠬᠢᠨᠠᠯᠲᠠ ᠲᠠᠯᠪᠢᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠪᠦᠷᠢᠯᠡᠵᠦ᠂ ᠰᠢᠢᠳᠪᠦᠷᠢᠯᠡᠭᠰᠡᠨ | ᠦᠷ᠎ᠡ ᠳ᠋ᠦᠩ ᠢᠶᠠᠨ ᠴᠠᠭ ᠲᠤᠬᠠᠶ ᠳᠤ ᠨᠢ ᠢᠯᠡ ᠪᠣᠯᠭᠠᠬᠤ ᠬᠡᠷᠡᠭᠲᠡᠶ᠃ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ | ᠭᠤᠴᠢᠨ ᠲᠠᠪᠤᠳᠤᠭᠠᠷ ᠵᠦᠢᠯ | ᠡᠯ᠎ᠡ ᠱᠠᠲᠤᠨ ᠤ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠵᠠᠰᠠᠭ ᠵᠠᠬᠢᠷᠭᠠᠨ ᠤ ᠬᠢᠨᠠᠯᠲᠠ | ᠲᠠᠯᠪᠢᠬᠤ ᠰᠠᠯᠠᠭ᠎ᠠ ᠮᠥᠴᠢᠷ᠂ ᠤᠯᠠᠨ ᠨᠡᠶᠢᠲᠠ ᠶᠢᠨ ᠡᠬᠢ ᠪᠠᠶᠠᠯᠢᠭ ᠤᠨ ᠠᠷᠠᠯᠵᠢᠶᠡᠨ ᠤ ᠬᠠᠮᠢᠶᠠᠷᠤᠯᠲᠠ | ᠦᠢᠯᠡᠴᠢᠯᠡᠭᠡᠨ ᠤ ᠪᠠᠶᠢᠭᠤᠯᠤᠮᠵᠢ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ | ᠠᠵᠢᠯᠯᠠᠭᠤᠯᠵᠦ ᠦᠢᠯᠡᠴᠢᠯᠡᠬᠦ ᠪᠠᠶᠢᠭᠤᠯᠤᠮᠵᠢ ᠬᠢᠭᠡᠳ ᠲᠡᠭᠦᠨ ᠤ ᠠᠵᠢᠯᠲᠠᠳ ᠤᠯᠠᠨ ᠨᠡᠶᠢᠲᠠ ᠶᠢᠨ ᠡᠬᠢ | ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ᠂ ᠢᠯᠡ ᠪᠣᠯᠭᠠᠬᠤ᠂ | ᠬᠡᠷᠡᠭᠯᠡᠬᠦ ᠵᠡᠷᠭᠡ ᠠᠵᠢᠯ ᠤᠨ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠬᠤᠪᠢ ᠶᠢᠨ ᠨᠠᠶᠢᠷ ᠬᠠᠷᠠᠵᠤ | ᠬᠠᠤᠯᠢ ᠶᠣᠰᠣ ᠶᠢ ᠵᠥᠷᠢᠴᠡᠭᠰᠡᠨ ᠪᠣᠯ᠂ ᠲᠡᠭᠦᠨ ᠤ ᠪᠠᠶᠢᠭ᠎ᠠ ᠨᠢᠭᠡᠴᠢ ᠪᠤᠶᠤ ᠳᠡᠭᠡᠳᠦ ᠱᠠᠲᠤᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ ᠨᠡᠪᠲᠡᠷᠡᠭᠦᠯᠦᠨ | ᠰᠢᠭᠦᠮᠵᠢᠯᠡᠨ᠎ᠡ᠃ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ | ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ | ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ | ᠰᠢᠢᠳᠪᠦᠷᠢᠯᠡᠭᠦᠯᠦᠨ᠎ᠡ᠃ | ᠭᠤᠴᠢᠨ ᠵᠢᠷᠭᠤᠳᠤᠭᠠᠷ ᠵᠦᠢᠯ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ᠂ | ᠬᠠᠮᠠᠭᠠᠯᠠᠬᠤ᠂ ᠬᠠᠮᠢᠶᠠᠷᠬᠤ ᠨᠢᠭᠡᠴᠢ ᠵᠢᠴᠢ ᠠᠵᠢᠯᠲᠠᠳ ᠨᠢ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠣᠯᠭᠠᠵᠤ | ᠬᠠᠮᠲᠤ ᠳᠤ ᠪᠠᠨ ᠬᠦᠷᠲᠡᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠬᠤᠪᠢ ᠶᠢᠨ ᠨᠠᠶᠢᠷ | ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠬᠤ ᠶᠢᠨ ᠬᠠᠮᠲᠤ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠶ᠃ ᠬᠠᠤᠯᠢ ᠴᠠᠭᠠᠵᠠ ᠰᠠᠬᠢᠯᠭ᠎ᠠ | ᠪᠠᠲᠤ ᠠᠴᠠ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ | ᠭᠤᠴᠢᠨ ᠳᠣᠯᠣᠳᠤᠭᠠᠷ ᠵᠦᠢᠯ | ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ | ᠢᠲᠡᠭᠡᠮᠵᠢ ᠶᠢᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠬᠡᠷᠡᠭᠯᠡᠬᠦ ᠪᠤᠶᠤ ᠢᠯᠡ ᠪᠤᠯᠭᠠᠨᠨᠰᠠᠨ ᠦᠬᠡᠢ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠪᠤᠰᠤ ᠪᠠᠷ | ᠭᠤᠷᠪᠠᠳᠠᠬᠢ ᠡᠲᠡᠭᠡᠳ ᠲᠤ ᠬᠠᠩᠭᠠᠭᠰᠠᠨ ᠪᠠᠶᠢᠪᠠᠯ᠂ ᠲᠡᠭᠦᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠬᠤ ᠶᠢᠨ ᠬᠠᠮᠲᠤ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠶ᠃ ᠬᠠᠤᠯᠢ ᠴᠠᠭᠠᠵᠠ ᠰᠠᠬᠢᠯᠭ᠎ᠠ | ᠪᠠᠲᠤ ᠠᠴᠠ ᠵᠥᠷᠢᠴᠡᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ᠂ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃ | ᠭᠤᠴᠢᠨ ᠨᠠᠢᠮᠠᠳᠤᠭᠠᠷ ᠵᠦᠢᠯ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ | ᠲᠣᠭᠲᠠᠯᠴᠠᠭ᠎ᠠ ᠳᠤ ᠵᠠᠯᠭᠠᠨ ᠣᠷᠤᠭᠤᠯᠤᠭᠰᠠᠨ ᠭᠤᠷᠪᠠᠳᠠᠬᠢ ᠡᠲᠡᠭᠡᠳ ᠤᠨ ᠠᠷᠠᠯᠵᠢᠶᠡᠨ ᠤ ᠰᠢᠰᠲ᠋ᠧᠮ ᠨᠢ ᠲᠣᠰ | ᠠᠷᠭ᠎ᠠ ᠶᠢᠨ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠤᠨ ᠠᠵᠢᠯᠯᠠᠭᠤᠯᠵᠤ | ᠦᠢᠯᠡᠴᠢᠯᠡᠬᠦ ᠪᠠᠶᠢᠭᠤᠯᠤᠮᠵᠢ ᠲᠠᠢ ᠠᠳᠠᠯᠢᠬᠠᠨ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠨ᠎ᠡ᠃ | ᠭᠤᠴᠢ ᠶᠢᠰᠦᠳᠦᠭᠡᠷ ᠵᠦᠢᠯ | ᠲᠣᠰ ᠠᠷᠭ᠎ᠠ ᠶᠢ 2021 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | |