ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2021/7/29
     2021 ᠣᠨ ᠤ 7 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠨᠡᠶᠢᠲᠡᠯᠡᠬᠦ ᠲᠢᠩᠬᠢᠮ ᠳᠤ ᠶᠠᠪᠤᠭᠳᠠᠭᠤᠯᠵᠤ᠂ ᠬᠤᠷᠠᠯ ᠳᠡᠭᠡᠷ᠎ᠡ ᠡᠨᠡ ᠤᠳᠠᠭᠠᠨ ᠤ ᠥᠭᠡᠷᠡᠴᠢᠯᠡᠯᠲᠡ ᠶᠢᠨ ᠠᠬᠤᠶ ᠪᠠᠶᠢᠳᠠᠯ᠂ ᠠᠭᠤᠯᠭ᠎ᠠ ᠵᠢᠴᠢ ᠠᠷᠭ᠎ᠠ ᠬᠡᠮᠵᠢᠶ᠎ᠡ ᠶᠢᠨ ᠲᠤᠬᠠᠶ ᠬᠠᠮᠢᠶ᠎ᠠ ᠪᠥᠬᠦᠶ ᠲᠠᠨᠢᠯᠴᠠᠭᠤᠯᠭ᠎ᠠ ᠬᠢᠪᠠ᠃
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠿᠧᠨ ᠹᠦ᠋ ᠱᠧᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠵᠠᠨ ᠭᠦᠸᠧ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠸᠠᠩ ᠹᠧᠩ ᠴᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠶᠢᠨ ᠮᠠᠨ ᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠣᠨᠢᠨ ᠮᠡᠳᠡᠭᠡ ᠨᠡᠶᠢᠲᠡᠯᠡᠬᠦ ᠭᠠᠵᠠᠷ ᠤᠨ ᠽᠧᠩ ᠶᠦᠩ ᠹᠦ᠋ ᠨᠠᠷ ᠲᠣᠰ ᠤᠳᠠᠭ᠎ᠠ ᠶᠢᠨ ᠬᠤᠷᠠᠯ ᠳᠤ ᠣᠷᠣᠯᠴᠠᠵᠠᠶ᠃
   ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠿᠧᠨ ᠹᠦ᠋ ᠱᠧᠩ ᠠᠴᠠ᠂ ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠤᠨ ᠠᠮᠢᠳᠤᠷᠠᠯ ᠳᠤ ᠠᠵᠠ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠨᠢᠭᠡᠨᠲᠡ ᠠᠵᠢᠯᠲᠠᠨ ᠠᠵᠢᠯᠴᠢᠨ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠪᠠᠷ ᠭᠤᠤᠯ ᠴᠣᠭᠴᠠ ᠪᠣᠯᠭᠠᠭᠰᠠᠨ᠂ ᠬᠦᠨᠳᠦ ᠡᠪᠡᠳᠴᠢᠨ ᠤ ᠳᠠᠭᠠᠳᠬᠠᠯ ᠢᠶᠠᠷ ᠨᠥᠬᠦᠪᠥᠷᠢ ᠪᠣᠯᠭᠠᠭᠰᠠᠨ᠂ ᠡᠮᠴᠢᠯᠡᠭᠡᠨ ᠤ ᠳᠤᠰᠠᠯᠠᠨ ᠳᠡᠮᠵᠢᠬᠦ ᠪᠠᠷ ᠦᠨᠳᠦᠰᠦᠨ ᠵᠦᠢᠯ ᠢ ᠪᠠᠲᠤᠯᠠᠭᠰᠠᠨ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠳᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠭᠡᠪᠡᠴᠦ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠤ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠬᠤ ᠠᠰᠠᠭᠤᠳᠠᠯ ᠠᠯᠬᠤᠮ ᠠᠯᠬᠤᠮ ᠢᠶᠠᠷ ᠢᠯᠡᠷᠡᠵᠦ᠂ ᠬᠠᠷᠠᠭᠠᠯᠵᠠᠯ ᠲᠡᠩᠴᠡᠭᠦᠷᠢ ᠦᠭᠡᠢ᠂ ᠪᠠᠲᠤᠯᠠᠭ᠎ᠠ ᠬᠦᠷᠦᠯᠴᠡᠬᠦ ᠦᠭᠡᠢ᠂ ᠲᠣᠭᠲᠠᠴᠠ ᠪᠦᠷᠢᠨ ᠪᠤᠰᠤ᠂ ᠬᠢᠨᠠᠯᠲᠠ ᠬᠠᠮᠢᠶᠠᠷᠤᠯᠲᠠ ᠲᠡᠭᠦᠯᠳᠡᠷ ᠪᠤᠰᠤ᠂ ᠥᠭᠡᠷᠡᠴᠢᠯᠡᠯᠲᠡ ᠬᠠᠮᠵᠢᠯᠴᠠᠬᠤ ᠦᠭᠡᠢ ᠵᠡᠷᠭᠡ ᠠᠰᠠᠭᠤᠳᠠᠯ ᠣᠷᠣᠰᠢᠵᠤ  ᠂ ᠡᠷᠬᠡᠪᠰᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠲᠠᠮᠵᠢᠨ ᠰᠢᠢᠳᠪᠦᠷᠢᠯᠡᠬᠦ ᠬᠡᠷᠡᠭᠲᠡᠢ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ  ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ ᠭᠡᠵᠡᠢ᠃    ︽ᠬᠡᠷᠡᠭᠵᠢᠭᠦᠯᠬᠦ ᠰᠠᠨᠠᠯ︾ ᠳᠤ ᠥᠭᠡᠷᠡᠴᠢᠯᠡᠯᠲᠡ ᠶᠢᠨ ᠠᠷᠭ᠎ᠠ ᠵᠠᠮ ᠢ ᠲᠣᠳᠣᠷᠬᠠᠶᠢᠯᠠᠵᠤ᠂ ︽1 + 4 + 2︾ ᠤᠨ ᠶᠡᠷᠦᠩᠬᠡᠶ ᠥᠭᠡᠷᠡᠴᠢᠯᠡᠯᠲᠡ ᠶᠢᠨ ᠲᠥᠰᠦᠪ ᠢ ᠲᠣᠭᠲᠠᠭᠠᠪᠠ᠃ ᠡᠭᠦᠨ ᠳᠤ᠂ ︽1︾ ᠭᠡᠳᠡᠭ ᠨᠢ ᠦᠨᠳᠦᠰᠦᠨ ᠡᠮᠴᠢᠯᠡᠭᠡ ᠶᠢᠨ ᠳᠠᠭᠠᠳᠬᠠᠯ ᠢᠶᠠᠷ ᠭᠤᠤᠯ ᠴᠣᠭᠴᠠ ᠪᠣᠯᠭᠠᠭᠰᠠᠨ᠂ ᠡᠮᠴᠢᠯᠡᠭᠡᠨ ᠤ ᠳᠤᠰᠠᠯᠠᠨ ᠳᠡᠮᠵᠢᠬᠦ ᠪᠠᠷ ᠰᠠᠭᠤᠷᠢ ᠪᠣᠯᠭᠠᠭᠰᠠᠨ᠂ ᠨᠥᠬᠦᠪᠥᠷᠢ ᠡᠮᠴᠢᠯᠡᠭᠡ ᠶᠢᠨ ᠳᠠᠭᠠᠳᠬᠠᠯ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ᠂ ᠪᠤᠶᠠᠨ ᠦᠢᠯᠡᠳᠬᠦ ᠬᠠᠨᠳᠢᠪ᠂  ᠡᠮᠴᠢᠯᠡᠭᠡᠨ ᠤ ᠬᠢᠨ ᠬᠠᠷᠢᠯᠴᠠᠨ ᠬᠠᠪᠰᠤᠷᠴᠤ ᠬᠠᠮᠲᠤ ᠪᠠᠷ ᠬᠥᠭᠵᠢᠭᠰᠡᠨ ᠣᠯᠠᠨ ᠲᠠᠰ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠳᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ᠎ᠠ︔ ︽4 ︾ ᠪᠣᠯ ᠬᠠᠷᠠᠭᠠᠯᠵᠠᠯ ᠢ ᠪᠠᠲᠤᠯᠠᠬᠤ᠂ ᠪᠠᠯᠠ ᠴᠤᠭᠯᠠᠭᠤᠯᠵᠤ ᠡᠷᠭᠢᠯᠳᠦᠭᠦᠯᠬᠦ᠂ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ᠂ ᠰᠠᠭᠤᠷᠢ ᠮᠥᠩᠭᠦ ᠶᠢ  ᠬᠢᠨᠠᠵᠤ ᠬᠠᠮᠢᠶᠠᠷᠬᠤ ᠵᠡᠷᠭᠡ ᠳᠥᠷᠪᠡᠨ ᠲᠣᠭᠲᠠᠴᠠ ᠶᠢ ᠲᠡᠭᠦᠯᠳᠡᠷᠵᠢᠭᠦᠯᠦᠨ᠎ᠡ︔ ︽2︾ ᠪᠣᠯ ᠡᠮ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠪᠠ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠭᠡᠬᠦ ᠬᠤᠶᠠᠷ ᠲᠤᠯᠭᠠᠭᠤᠷᠢᠯᠠᠯ ᠲᠡᠭᠦᠯᠳᠡᠷᠵᠢᠭᠦᠯᠬᠦ ᠪᠣᠯᠤᠨ᠎ᠠ᠃      ᠳᠤᠤᠷᠠᠬᠢ ᠵᠢᠷᠭᠤᠭᠠᠨ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠠᠬᠢᠭᠤᠯᠤᠨ᠎ᠠ᠄ ᠬᠠᠷᠠᠭᠠᠯᠵᠠᠯ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠲᠥᠷᠥᠯ ᠤᠨ ᠡᠮᠴᠢᠯᠡᠭᠡᠨ ᠤ ᠪᠠᠲᠤᠯᠠᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠲᠦᠪᠰᠢᠨ ᠪᠠ ᠰᠠᠭᠤᠷᠢ ᠮᠥᠩᠭᠦᠨ ᠤ ᠳᠠᠭᠠᠭᠠᠬᠤ ᠴᠢᠳᠠᠪᠤᠷᠢ ᠶᠢ ᠦᠨᠳᠦᠰᠦᠯᠡᠨ ᠂ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ︔ ᠪᠡᠯᠡ  ᠴᠤᠭᠯᠠᠭᠤᠯᠵᠤ ᠡᠷᠭᠢᠯᠳᠦᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠲᠠᠯ᠎ᠠ ᠶᠢᠨ ᠵᠠᠷᠤᠳᠠᠯ ᠲᠤᠰᠢᠶᠠᠬᠤ ᠬᠠᠷᠢᠭᠤᠴᠠᠯᠭ᠎ᠠ ᠶᠢ ᠲᠡᠩᠴᠡᠭᠦᠷᠢᠲᠡᠶ ᠪᠠᠶᠢᠯᠭᠠᠵᠤ᠂ ᠬᠥᠮᠦᠨ ᠬᠡᠷᠡᠭᠯᠡᠬᠦ ᠨᠢᠭᠡᠴᠢ ᠪᠣᠯᠤᠨ ᠠᠵᠢᠯᠲᠠᠨ ᠠᠵᠢᠯᠴᠢᠨ ᠤ ᠰᠦᠢᠳᠭᠡᠯ ᠵᠠᠷᠤᠳᠠᠯ ᠲᠤᠰᠢᠶᠠᠬᠤ ᠨᠣᠷᠮ᠎ᠠ ᠶᠢ ᠵᠦᠶ ᠵᠣᠬᠢᠰᠲᠠᠶ ᠳᠣᠭᠲᠠᠭᠠᠵᠤ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠵᠤ᠂ ᠠᠶᠢᠮᠠᠭ ᠬᠤᠲᠠ ᠶᠢᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠬᠦ ᠶᠢ ᠪᠦᠬᠦ ᠲᠠᠯ᠎ᠠ ᠪᠠᠷ ᠪᠣᠳᠠᠲᠠᠶᠢᠵᠢᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠲᠣᠭᠲᠠᠴᠠ ᠶᠢ ᠪᠠᠶᠢᠭᠤᠯᠤᠨ᠎ᠠ᠃ ᠡᠮᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠡᠮᠴᠢᠯᠡᠭᠡᠨ ᠤ  ᠪᠠᠲᠤᠯᠠᠭ᠎ᠠ ᠶᠢᠨ ᠭᠠᠷᠴᠠᠭ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠯᠡᠯᠴᠡᠭᠡᠷ ᠤᠨ ᠬᠠᠮᠢᠶᠠᠷᠤᠯᠲᠠ ᠪᠠ ᠳ᠋ᠦᠩᠨᠡᠨ ᠪᠤᠳᠤᠬᠤ ᠬᠠᠮᠢᠶᠠᠷᠤᠯᠲᠠ ᠶᠢ ᠴᠢᠩᠭᠠᠳᠬᠠᠵᠤ᠂ ᠵᠦᠶ ᠵᠣᠬᠢᠰᠲᠠᠶ ᠣᠨᠣᠰᠢᠯᠠᠨ ᠡᠮᠨᠡᠬᠦ ᠶᠢ ᠦᠨᠡᠨ ᠬᠦ ᠪᠠᠲᠤᠯᠠᠨ᠎ᠠ︔ ᠰᠠᠭᠤᠷᠢ ᠮᠥᠩᠭᠦ ᠶᠢ ᠬᠢᠨᠠᠵᠤ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠠᠭᠤᠷᠢ ᠮᠥᠩᠭᠦ ᠶᠢ ᠬᠢᠨᠠᠵᠤ ᠬᠠᠮᠢᠶᠠᠷᠬᠤ ᠲᠤᠰᠬᠠᠶ ᠡᠩᠨᠡᠭᠡ᠂ ᠬᠢᠨᠠᠯᠲᠠ ᠲᠠᠯᠪᠢᠵᠤ ᠪᠠᠶᠢᠴᠠᠭᠠᠬᠤ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠮᠥᠩᠭᠦ ᠶᠢ ᠬᠢᠨᠠᠵᠤ ᠬᠠᠮᠢᠶᠠᠷᠬᠤ  ᠬᠤᠯᠪᠤᠭᠠᠲᠤ ᠬᠤᠷᠠᠯ ᠤᠨ ᠲᠦᠷᠢᠮ ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠢᠨ ᠬᠠᠮᠲᠤᠷᠠᠨ ᠬᠠᠤᠯᠢ ᠶᠢ ᠬᠡᠷᠡᠭᠵᠢᠭᠦᠯᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠳᠠᠭᠠᠳᠬᠠᠯ ᠢ ᠮᠡᠬᠡᠯᠡᠨ ᠠᠪᠬᠤ ᠦᠢᠯᠡ ᠠᠵᠢᠯᠯᠠᠭ᠎ᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔ ︽ᠡᠮᠴᠢᠯᠡᠭᠡ᠂ ᠡᠮᠴᠢᠯᠡᠭᠡ ᠶᠢᠨ ᠳᠠᠭᠠᠳᠬᠠᠯ᠂ ᠡᠮ ᠡᠮᠨᠡᠯᠭᠡ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠶᠢ ᠠᠬᠢᠭᠤᠯᠵᠤ᠂ ᠡᠮᠴᠢᠯᠡᠭᠡᠨ ᠤ  ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠪᠣᠯᠤᠨ ᠲᠥᠪᠯᠡᠷᠡᠭᠦᠯᠦᠨ ᠬᠤᠳᠠᠯᠳᠤᠨ ᠠᠪᠬᠤ ᠦᠨ᠎ᠡ ᠬᠠᠩᠰᠢ ᠶᠢᠨ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠳᠣᠭᠲᠠᠯᠴᠠᠭ᠎ᠠ ᠶᠢ ᠰᠢᠯᠢᠳᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠦᠭᠦᠮᠴᠢᠯᠡᠬᠦ ᠶᠢ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠪᠠᠷᠢᠮᠵᠢᠶ᠎ᠠ ᠨᠢ ᠵᠢᠷᠤᠮᠵᠢᠭᠤᠨ ᠨᠢᠭᠡᠳᠦᠯᠲᠡᠶ᠂ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠳᠤ ᠲᠥᠪᠯᠡᠷᠡᠭᠦᠯᠬᠦ᠂ ᠲᠠᠪᠴᠠᠩ ᠢ ᠥᠪᠡᠷᠲᠡᠭᠡᠨ ᠵᠠᠰᠠᠬᠤ ᠣᠷᠣᠨ ᠠᠴᠠ ᠪᠠᠶᠢᠷᠢᠯᠠᠭᠤᠯᠬᠤ᠂ ᠰᠦᠯᠵᠢᠶ᠎ᠡ ᠶᠢ ᠪᠥᠬᠦ ᠲᠠᠯ᠎ᠠ ᠪᠠᠷ ᠪᠦᠷᠬᠦᠭᠦᠯᠬᠦ︾ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠬᠦ ᠶᠢ ᠪᠡᠶᠡᠯᠡᠭᠦᠯᠦᠨ᠎ᠡ᠃      ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠣᠨᠢᠨ      ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ      ᠰᠤᠷᠪᠤᠯᠵᠢᠯᠠᠭᠴᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖  ᠳᠠᠷᠠᠭ᠎ᠠ ᠠᠯᠬᠤᠮ ᠳᠤ᠂ ᠭᠡᠨᠡᠳᠲᠡ ᠡᠭᠦᠰᠦᠭᠰᠡᠨ ᠬᠦᠨᠳᠦ ᠶᠡᠭᠡ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠮᠴᠢᠯᠡᠭᠡᠨ ᠤ ᠡᠮᠨᠡᠨ ᠵᠠᠰᠠᠬᠤ ᠪᠠᠲᠤᠯᠠᠭ᠎ᠠ ᠳᠤ ᠴᠢᠭᠯᠡᠭᠦᠯᠦᠨ ᠶᠠᠮᠠᠷ ᠲᠦᠷᠢᠮ ᠤᠨ ᠲᠣᠬᠢᠷᠠᠭᠤᠯᠤᠯᠲᠠ ᠪᠠᠶᠢᠬᠤ ᠪᠣᠶ︖      ᠶᠢᠨ ᠮᠠᠨ ᠢ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠳᠣᠪᠴᠢᠶ᠎ᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠮᠴᠢᠯᠡᠭᠡᠨ ᠤ  ᠪᠠᠲᠤᠯᠠᠭ᠎ᠠ ᠶᠢᠨ ᠲᠣᠣᠷ︾ ᠢ ᠤᠯᠠᠮ ᠴᠠᠭᠠᠰᠢᠲᠠ ᠪᠠᠬᠢᠵᠢᠭᠦᠯᠪᠡ᠃ ᠨᠢᠭᠡ ᠳᠤ᠂ ᠮᠠᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠣᠯᠠᠨ ᠵᠦᠢᠯ ᠤᠨ ᠣᠨᠴᠠᠭᠠᠶ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠨᠡᠶᠢᠲᠡᠯᠡᠵᠦ᠂ ᠡᠪᠡᠳᠴᠢᠲᠡᠨ ᠵᠠᠷᠤᠳᠠᠯ ᠤᠨ ᠠᠰᠠᠭᠤᠳᠠᠯ ᠠᠴᠠ ᠪᠣᠯᠵᠣ ᠳᠠᠷᠤᠢ ᠳᠤ ᠨᠢ ᠡᠮᠨᠡᠨ ᠵᠠᠰᠠᠭᠤᠯᠵᠤ ᠳᠡᠶᠢᠯᠬᠦ ᠥᠬᠡᠶ ᠶᠢ ᠦᠭᠡᠢ ᠪᠣᠯᠭᠠᠬᠤ᠂ ᠭᠥᠯᠢᠶᠡᠨ ᠠᠪᠴᠤ ᠡᠮᠨᠡᠨ ᠵᠠᠰᠠᠬᠤ ᠡᠮᠨᠡᠯᠭᠡ ᠶᠢᠨ ᠬᠤᠷᠢᠶ᠎ᠠ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠠᠴᠠ ᠪᠣᠯᠵᠣ ᠡᠮᠨᠡᠨ ᠵᠠᠰᠠᠬᠤ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠲᠥᠰᠦᠯ ᠢ ᠬᠢᠨᠠᠨ ᠪᠠᠶᠢᠴᠠᠭᠠᠬᠤ ᠪᠠ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠦᠭᠰᠡᠨ ᠤ ᠬᠠᠮᠲᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠵᠠᠷᠤᠳᠠᠯ ᠢ ᠴᠠᠭ ᠲᠤ ᠨᠢ ᠬᠥᠳᠡᠯᠦᠩᠭᠦᠶ ᠪᠠᠷ ᠲᠣᠬᠢᠷᠠᠭᠤᠯᠪᠠ᠃ ᠭᠤᠷᠪᠠ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠦᠯ ᠳᠠᠬᠢ ᠡᠮ ᠤᠨ  ᠵᠦᠢᠯ᠂ ᠡᠮᠴᠢᠯᠡᠭᠡ ᠶᠢᠨ ᠦᠢᠯᠡᠴᠢᠯᠡᠭᠡᠨ ᠤ ᠲᠥᠰᠦᠯ ᠢ ᠲᠦᠷ ᠴᠠᠭ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ  ᠣᠷᠣᠭᠤᠯᠪᠠ᠃ ᠳᠥᠷᠪᠡ ᠳᠤ᠂ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠳᠠᠷᠤᠶᠢᠬᠠᠨ ᠨᠡᠶᠢᠲᠡᠯᠡᠵᠦ᠂ ᠤᠨᠳᠤᠤ ᠭᠠᠵᠠᠷ ᠲᠤ  ᠡᠮᠨᠡᠭᠦᠯᠦᠭᠰᠡᠨ ᠢ ᠳᠠᠩᠰᠠᠯᠠᠭᠤᠯᠬᠤ ᠭᠠᠷᠳᠠᠮ ᠢ ᠳᠥᠭᠦᠮᠴᠢᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ︽ᠠᠭᠤᠯᠵᠠᠬᠤ ᠦᠭᠡᠢ  ᠭᠦᠢᠴᠡᠳᠭᠡᠬᠦ︾᠂ ︽ᠴᠠᠭ ᠲᠤᠬᠠᠶ ᠳᠤ ᠨᠢ ᠭᠦᠢᠴᠡᠳᠭᠡᠬᠦ︾᠂ ︽ᠠᠷᠠᠳ ᠲᠤ ᠲᠥᠬᠦᠮ ᠦᠵᠡᠭᠦᠯᠦᠨ ᠭᠦᠢᠴᠡᠳᠭᠡᠬᠦ︾᠂ ︽ᠬᠤᠶᠢᠰᠢᠯᠠᠭᠤᠯᠤᠨ ᠭᠦᠢᠴᠡᠳᠭᠡᠬᠦ︾᠂ ︽ᠰᠠᠨᠠᠭ᠎ᠠ ᠠᠮᠤᠷ ᠭᠦᠢᠴᠡᠳᠭᠡᠬᠦ︾ ᠶᠢ ᠪᠡᠶᠡᠯᠡᠭᠦᠯᠪᠡ᠃ ᠲᠠᠪᠤ ᠳᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠵᠢᠴᠢ ᠵᠠᠷᠤᠳᠠᠯ ᠢ ᠪᠠᠲᠤᠯᠠᠬᠤ ᠠᠵᠢᠯ ᠢ ᠰᠠᠶᠢᠲᠤᠷ ᠬᠢᠪᠡ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠥᠯᠦᠪᠦᠷᠢ ᠥᠬᠡᠶ ᠪᠠᠷ ᠳᠠᠷᠢᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ᠂ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠬᠠᠮᠲᠤᠷᠠᠭᠰᠠᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠳᠠᠶᠢᠴᠢᠯᠠᠯᠲᠠ ᠪᠠ ᠮᠡᠷᠭᠡᠵᠢᠯ ᠤᠨ ᠪᠣᠯᠪᠠᠰᠤᠷᠠᠭᠤᠯᠤᠯ ᠢ ᠪᠥᠬᠦ ᠲᠠᠯ᠎ᠠ ᠪᠠᠷ ᠥᠷᠨᠢᠭᠦᠯᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ ᠪᠥᠬᠦ ᠣᠷᠣᠨ ᠤ ᠨᠢᠭᠡᠳᠦᠯᠲᠡᠶ ᠲᠥᠯᠦᠪᠯᠡᠭᠰᠡᠨ 15 ᠣᠷᠣᠨ ᠢ ᠵᠣᠬᠢᠶᠠᠨ ᠪᠠᠶᠢᠭᠤᠯᠵᠤ ᠳᠡᠭᠡᠷ᠎ᠡ ᠬᠠᠭᠠᠰ ᠵᠢᠯ ᠤᠨ ᠸᠠᠺᠼᠢᠨ ᠤ ᠵᠠᠷᠤᠳᠠᠯ 22 . 02 ᠳ᠋ᠦᠩᠰᠢᠭᠤᠷ ᠲᠥᠭᠦᠷᠢᠭ ᠢ ᠳᠡᠭᠡᠭᠰᠢ ᠳᠤᠰᠢᠶᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ 16 ᠳ᠋ᠦᠩᠰᠢᠭᠤᠷ ᠲᠥᠭᠦᠷᠢᠭ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠵᠠᠷᠤᠳᠠᠯ ᠢ ᠴᠠᠭ ᠲᠤᠬᠠᠶ ᠳᠤ ᠨᠢ ᠤᠷᠢᠳᠴᠢᠯᠠᠨ  ᠥᠭᠪᠡ᠃ ᠡᠯ᠎ᠡ ᠨᠢᠭᠡᠳᠦᠯᠲᠡᠶ ᠲᠥᠯᠦᠪᠯᠡᠭᠰᠡᠨ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ  ᠪᠠᠲᠤᠯᠠᠭ᠎ᠠ ᠶᠢᠨ ᠲᠤᠰᠬᠠᠶ ᠵᠦᠢᠯ ᠤᠨ ᠪᠡᠯᠡ ᠮᠥᠩᠭᠦ ᠶᠢ ᠵᠦᠢ ᠵᠣᠬᠢᠰᠲᠠᠶ ᠲᠣᠬᠢᠷᠠᠭᠤᠯᠵᠤ᠂ ᠲᠠᠷᠢᠯᠭ᠎ᠠ ᠲᠠᠷᠢᠭᠰᠠᠨ ᠵᠠᠷᠤᠳᠠᠯ ᠢ ᠲᠠᠷᠢᠯᠭ᠎ᠠ ᠬᠢᠭᠰᠡᠨ ᠨᠢᠭᠡᠴᠢ ᠳᠤ ᠳᠠᠷᠤᠢ ᠳᠤ ᠨᠢ ᠰᠠᠯᠭᠠᠨ ᠥᠭᠪᠡ᠃ ᠸᠠᠺᠼᠢᠨ ᠤ ᠲᠠᠷᠢᠯᠭ᠎ᠠ ᠶᠢᠨ ᠠᠬᠢᠴᠠ ᠪᠣᠯᠤᠨ ᠪᠡᠯᠡ ᠮᠥᠩᠭᠦ ᠶᠢᠨ ᠬᠡᠷᠡᠭᠯᠡᠯᠲᠡ ᠵᠡᠷᠭᠡ ᠪᠠᠶᠢᠳᠠᠯ ᠤᠨ ᠬᠠᠨᠳᠤᠰᠢ ᠶᠢ ᠬᠢᠨᠠᠨ ᠡᠵᠡᠮᠳᠡᠬᠦ ᠶᠢ ᠴᠢᠩᠭᠠᠳᠬᠠᠵᠤ᠂ ᠸᠠᠺᠼᠢᠨ ᠵᠢᠴᠢ ᠲᠠᠷᠢᠯᠭ᠎ᠠ ᠶᠢᠨ ᠵᠠᠷᠤᠳᠠᠯ ᠢ ᠳᠠᠷᠤᠢ ᠳᠤ ᠨᠢ᠂ ᠭᠦᠢᠴᠡᠳ ᠲᠤᠭ᠎ᠠ ᠪᠠᠷ ᠳ᠋ᠦᠩᠨᠡᠨ ᠪᠣᠳᠣᠬᠤ ᠶᠢ ᠦᠨᠡᠨ ᠬᠦ  ᠪᠠᠲᠤᠯᠠᠪᠠ᠃      ᠳᠠᠷᠠᠭ᠎ᠠ ᠠᠯᠬᠤᠮ ᠳᠤ᠂ ᠪᠢᠳᠡ ᠬᠦᠨᠳᠦ ᠶᠡᠭᠡ ᠬᠢᠵᠢᠭ ᠤᠨ ᠪᠠᠶᠢᠳᠠᠯ ᠤᠨ ᠡᠮᠴᠢᠯᠡᠭᠡᠨ ᠤ ᠡᠮᠨᠡᠨ ᠵᠠᠰᠠᠬᠤ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠵᠡᠷᠭᠡ ᠪᠠᠴᠢᠮ ᠪᠠᠶᠢᠳᠠᠯ ᠳᠠᠬᠢ ᠡᠮᠴᠢᠯᠡᠭᠡᠨ ᠤ ᠪᠠᠶᠢᠭᠤᠯᠤᠮᠵᠢ ᠶᠢᠨ ᠤᠷᠢᠳ ᠢᠶᠠᠷ ᠡᠮᠨᠡᠨ ᠵᠠᠰᠠᠵᠤ ᠂ ᠳᠠᠷᠠᠭ᠎ᠠ ᠨᠢ ᠰᠦᠢᠳᠭᠡᠯ ᠬᠤᠷᠢᠶᠠᠬᠤ ᠶᠢ ᠦᠨᠡᠨ ᠬᠦ ᠪᠠᠲᠤᠯᠠᠨ᠎ᠠ᠃ ᠨᠢᠭᠡ ᠳᠤ᠂ ᠬᠦᠨᠳᠦ ᠶᠡᠭᠡ ᠬᠢᠵᠢᠭ ᠤᠨ ᠪᠠᠶᠢᠳᠠᠯ ᠢ ᠡᠮᠨᠡᠨ ᠵᠠᠰᠠᠬᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠦᠷᠢᠮ ᠢ ᠲᠡᠭᠦᠯᠳᠡᠷᠵᠢᠭᠦᠯᠵᠦ᠂ ᠵᠠᠷᠤᠳᠠᠯ ᠤᠨ ᠠᠰᠠᠭᠤᠳᠠᠯ ᠠᠴᠠ ᠪᠣᠯᠵᠣ ᠡᠪᠡᠳᠴᠢᠲᠡᠨ ᠢ ᠴᠠᠭ ᠲᠤᠬᠠᠶ ᠳᠤ ᠨᠢ ᠠᠪᠤᠷᠠᠨ ᠲᠤᠰᠠᠯᠠᠵᠤ ᠳᠡᠶᠢᠯᠬᠦ ᠥᠬᠡᠶ ᠶᠢ ᠦᠭᠡᠢ ᠪᠣᠯᠭᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠣᠨᠴᠠᠭᠠᠶ ᠡᠪᠡᠳᠴᠢᠲᠡᠳ᠂ ᠣᠨᠴᠠᠭᠠᠶ ᠡᠪᠡᠳᠴᠢᠨ ᠡᠮᠭᠡᠭ ᠤᠨ ᠡᠮ ᠡᠮᠨᠡᠯᠭᠡ ᠶᠢᠨ ᠵᠠᠷᠤᠳᠠᠯ ᠢ ᠬᠡᠯᠲᠦᠷᠢᠭᠦᠯᠬᠦ ᠲᠦᠷᠢᠮ ᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠭᠠᠷᠴᠠᠭ᠂ ᠲᠣᠭᠠᠴᠠᠭ᠎ᠠ ᠬᠢᠬᠦ ᠬᠢᠵᠠᠭᠠᠷ ᠲᠤᠭ᠎ᠠ᠂ ᠡᠮ ᠬᠡᠷᠡᠭᠯᠡᠬᠦ ᠬᠡᠮᠵᠢᠶ᠎ᠡ ᠵᠡᠷᠭᠡ ᠬᠢᠵᠠᠭᠠᠷᠯᠠᠬᠤ ᠴᠢᠨᠠᠷᠲᠠᠶ ᠵᠦᠢᠯ ᠵᠤᠷᠪᠤᠰ ᠢ ᠬᠠᠨᠳᠤᠯᠭᠠᠲᠠᠢ ᠪᠠᠷ ᠬᠡᠯᠲᠦᠷᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠦᠵᠡᠭᠦᠯᠦᠭᠰᠡᠨ ᠤ ᠳᠠᠷᠠᠭᠠᠬᠢ ᠵᠣᠪᠠᠨᠢᠯ ᠢ ᠬᠥᠩᠭᠡᠷᠡᠭᠦᠯᠦᠨ᠎ᠡ᠃ ᠭᠤᠷᠪᠠ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠪᠠ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠠᠭᠤᠷᠢ ᠮᠥᠩᠭᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠯᠠ  ᠮᠥᠩᠭᠦᠨ ᠤ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ ᠡᠮᠴᠢᠯᠡᠭᠡᠨ ᠤ  ᠦᠢᠯᠡᠴᠢᠯᠡᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ      ᠰᠤᠷᠪᠤᠯᠵᠢᠯᠠᠭᠴᠢ᠄ ᠪᠠᠯᠠ ᠮᠥᠩᠭᠦ ᠴᠤᠭᠯᠠᠭᠤᠯᠬᠤ ᠠᠵᠢᠯᠯᠠᠭᠠᠨ ᠤ ᠲᠣᠭᠲᠠᠴᠠ ᠶᠢ ᠶᠠᠭᠠᠬᠢᠵᠤ ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠲᠠᠭᠤᠨ ᠢᠶᠠᠷ ᠦᠷᠭᠦᠯᠵᠢᠯᠡᠬᠦ ᠶᠢ ᠦᠨᠡᠨ ᠬᠦ ᠪᠠᠲᠤᠯᠠᠬᠤ ᠪᠣᠶ︖      ᠸᠠᠩ ᠹᠧᠩ ᠴᠢ᠄ ᠵᠦᠶ ᠵᠣᠬᠢᠰᠲᠠᠶ ᠪᠠᠷ ᠪᠠᠯᠠ ᠴᠤᠭᠯᠠᠭᠤᠯᠵᠤ᠂ ᠲᠣᠭᠲᠠᠭᠤᠨ ᠢᠶᠠᠷ ᠠᠵᠢᠯᠯᠠᠭᠤᠯᠬᠤ ᠪᠣᠯ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠦᠷᠭᠦᠯᠵᠢᠯᠡᠬᠦ ᠦᠨᠳᠦᠰᠦᠨ ᠪᠠᠲᠤᠯᠠᠭ᠎ᠠ ᠮᠥᠨ᠃ ᠣᠳᠣᠬᠠᠨ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭᠠᠨ ᠤ ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠪᠠ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠡᠯ᠎ᠡ ᠱᠠᠲᠤᠨ ᠤ ᠡᠳ᠋ ᠤᠨ ᠵᠠᠰᠠᠭ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠ ᠬᠤᠲᠠ ᠬᠥᠳᠡᠭᠡ ᠶᠢᠨ  ᠡᠮᠴᠢᠯᠡᠭᠡᠨ ᠤ ᠠᠪᠤᠷᠠᠨ ᠲᠤᠰᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠬᠤᠲᠠ ᠬᠥᠳᠡᠭᠡ ᠶᠢᠨ ᠡᠮᠴᠢᠯᠡᠭᠡᠨ ᠤ ᠳᠤᠰᠠᠯᠠᠨ ᠳᠡᠮᠵᠢᠬᠦ ᠭᠤᠷᠪᠠᠨ ᠵᠦᠢᠯ ᠤᠨ ᠡᠮᠴᠢᠯᠡᠭᠡ ᠶᠢᠨ ᠪᠠᠲᠤᠯᠠᠭ᠎ᠠ ᠶᠢᠨ ᠲᠦᠷᠢᠮ ᠢ ᠪᠠᠬᠢᠵᠢᠭᠦᠯᠵᠦ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠪᠡ᠃ 2020 ᠣᠨ ᠳᠤ᠂ ᠡᠳ᠋ ᠤᠨ ᠵᠠᠰᠠᠭ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠥᠭᠬᠦ ᠨᠥᠬᠦᠪᠥᠷᠢ ᠶᠢᠨ ᠪᠠᠷᠢᠮᠵᠢᠶ᠎ᠠ ᠨᠢ ᠬᠥᠮᠦᠨ ᠨᠢᠭᠡ ᠪᠦᠷᠢ ᠳᠤ ᠵᠢᠯ ᠪᠦᠷᠢ 550 ᠲᠥᠭᠦᠷᠢᠭ ᠪᠠᠶᠢᠵᠤ᠂ ᠡᠯ᠎ᠡ ᠱᠠᠲᠤᠨ ᠤ ᠡᠳ᠋ ᠤᠨ ᠵᠠᠰᠠᠭ ᠠᠴᠠ ᠨᠡᠶᠢᠲᠡ 94 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠪᠥᠬᠦ ᠵᠢᠯ ᠤᠨ ᠨᠥᠬᠦᠪᠦᠷᠢᠯᠡᠬᠦ ᠪᠠᠯᠠ ᠮᠥᠩᠭᠦ ᠶᠢ ᠭᠦᠢᠴᠡᠳ ᠲᠤᠭ᠎ᠠ ᠪᠠᠷ ᠨᠠᠶᠢᠳᠠᠪᠤᠷᠢᠵᠢᠭᠤᠯᠵᠤ᠂ ᠰᠠᠭᠤᠷᠢ ᠮᠥᠩᠭᠦ ᠶᠢᠨ ᠲᠣᠭᠲᠠᠭᠤᠨ ᠪᠥᠭᠡᠳ ᠤᠷᠤᠭᠰᠢᠲᠠᠶ ᠠᠵᠢᠯᠯᠠᠬᠤ ᠶᠢ ᠪᠠᠲᠤᠯᠠᠪᠠ᠃ 2021 ᠣᠨ ᠳᠤ᠂ ᠡᠳ᠋ ᠤᠨ ᠵᠠᠰᠠᠭ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠯᠭᠤᠬᠤ ᠬᠥᠮᠦᠨ ᠪᠦᠷᠢ ᠶᠢᠨ ᠳᠤᠮᠳᠠᠴᠢ ᠨᠥᠬᠦᠪᠥᠷᠢ ᠶᠢᠨ ᠪᠠᠷᠢᠮᠵᠢᠶ᠎ᠠ ᠶᠢ ᠦᠷᠭᠦᠯᠵᠢᠯᠡᠨ 30 ᠲᠥᠭᠦᠷᠢᠭ ᠨᠡᠮᠡᠵᠦ᠂ ᠬᠥᠮᠦᠨ ᠪᠦᠷᠢ ᠶᠢ ᠵᠢᠯ ᠳᠤ 580 ᠲᠥᠭᠦᠷᠢᠭ ᠲᠤ ᠬᠦᠷᠭᠡᠪᠡ᠃ ᠡᠭᠦᠨ ᠤ ᠬᠠᠮᠲᠤ᠂ ᠡᠯ᠎ᠡ ᠱᠠᠲᠤᠨ ᠤ ᠡᠳ᠋ ᠤᠨ ᠵᠠᠰᠠᠭ ᠠᠴᠠ ᠡᠮᠴᠢᠯᠡᠭᠡᠨ ᠤ ᠳᠤᠰᠠᠯᠠᠨ ᠳᠡᠮᠵᠢᠬᠦ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ 2020 ᠣᠨ ᠳᠤ ᠬᠤᠲᠠ ᠬᠥᠳᠡᠭᠡ ᠶᠢᠨ  ᠡᠮᠴᠢᠯᠡᠭᠡᠨ ᠤ  ᠳᠤᠰᠠᠯᠠᠨ ᠳᠡᠮᠵᠢᠬᠦ ᠨᠥᠬᠦᠪᠥᠷᠢ ᠪᠠᠯᠠ ᠮᠥᠩᠭᠦ ᠶᠢᠨ ᠵᠠᠷᠤᠯᠭ᠎ᠠ 9 . 8 ᠳ᠋ᠦᠩᠰᠢᠭᠤᠷ ᠲᠥᠭᠦᠷᠢᠭ ᠲᠤ ᠬᠦᠷᠴᠡᠶ᠃      ︽ᠬᠡᠷᠡᠭᠵᠢᠭᠦᠯᠬᠦ ᠰᠠᠨᠠᠯ︾ ᠳᠤ ︽ᠪᠠᠯᠠ ᠴᠤᠭᠯᠠᠭᠤᠯᠬᠤ ᠶᠢ ᠬᠤᠪᠢᠶᠠᠨ ᠡᠭᠦᠷᠭᠡᠯᠡᠬᠦ ᠪᠠ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ︾ ᠶᠢ ᠱᠠᠭᠠᠷᠳᠠᠵᠤ᠂ ᠠᠵᠢᠯᠲᠠᠨ ᠤ ᠲᠥᠷᠥᠯ ᠬᠡᠯᠪᠡᠷᠢ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠪᠠᠯᠠ ᠴᠤᠭᠯᠠᠭᠤᠯᠬᠤ ᠠᠷᠭ᠎ᠠ ᠮᠠᠶ᠋ᠢᠭ ᠢ ᠦᠨᠳᠦᠰᠦᠯᠡᠨ ᠪᠣᠳᠠᠲᠠᠶ ᠭᠤᠷᠪᠠᠨ ᠲᠥᠷᠥᠯ ᠬᠤᠪᠢᠶᠠᠪᠠ᠂ ᠨᠢᠭᠡ ᠳᠤ᠂ ᠠᠵᠢᠯ ᠣᠯᠤᠭᠰᠠᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠵᠤ᠂ ᠡᠨᠡ ᠲᠥᠷᠥᠯ ᠤᠨ ᠳᠠᠭᠠᠳᠬᠠᠯ ᠳᠤ ᠣᠷᠣᠯᠴᠠᠭᠰᠠᠳ ᠲᠤ ᠪᠠᠷᠢᠮᠵᠢᠶᠠᠲᠤ   ᠳᠠᠭᠠᠳᠬᠠᠯ ᠤᠨ ᠵᠠᠷᠤᠳᠠᠯ ᠤᠨ ᠨᠣᠷᠮ᠎ᠠ ᠶᠢᠨ ᠲᠦᠷᠢᠮ ᠢ ᠬᠡᠷᠡᠭᠵᠢᠭᠦᠯᠵᠦ᠂ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠬᠤᠲᠠ ᠪᠠᠯᠭᠠᠰᠤᠨ ᠤ ᠨᠢᠭᠡᠴᠢ ᠳᠤ ᠠᠵᠢᠯ ᠣᠯᠤᠭᠰᠠᠳ ᠤᠨ ᠳᠤᠮᠳᠠᠴᠢ ᠴᠠᠯᠢᠩ ᠢᠶᠠᠷ ᠰᠠᠭᠤᠷᠢ ᠲᠤᠭ᠎ᠠ ᠪᠣᠯᠭᠠᠵᠤ᠂ ᠬᠥᠮᠦᠨ ᠬᠡᠷᠡᠭᠯᠡᠬᠦ ᠨᠢᠭᠡᠴᠢ ᠪᠠ ᠠᠵᠢᠯᠲᠠᠨ ᠠᠵᠢᠯᠴᠢᠨ ᠤ ᠵᠠᠷᠤᠳᠠᠯ ᠲᠤᠰᠢᠶᠠᠬᠤ ᠨᠣᠷᠮ᠎ᠠ ᠶᠢ ᠵᠦᠶ ᠵᠣᠬᠢᠰᠲᠠᠶ ᠲᠣᠭᠲᠠᠭᠠᠵᠤ᠂ ᠬᠥᠳᠡᠯᠦᠩᠭᠦᠶ ᠪᠠᠷ ᠲᠣᠬᠢᠷᠠᠭᠤᠯᠬᠤ ᠶᠢ  ᠬᠡᠷᠡᠭᠵᠢᠭᠦᠯᠪᠡ︔ ᠬᠤᠶᠠᠷ ᠲᠤ᠂ ᠠᠵᠢᠯ ᠦᠭᠡᠢ ᠬᠥᠮᠦᠰ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠪᠠᠯ᠂  ᠥᠪᠡᠷ ᠢᠶᠠᠨ ᠵᠠᠷᠤᠳᠠᠯ ᠢ ᠲᠤᠰᠢᠶᠠᠵᠤ᠂ ᠵᠠᠰᠠᠭ ᠤᠨ ᠣᠷᠳᠣᠨ ᠠᠴᠠ ᠲᠣᠭᠲᠠᠭᠠᠯ ᠶᠣᠰᠣᠭᠠᠷ ᠨᠥᠬᠦᠪᠥᠷᠢ ᠥᠭᠴᠦ᠂  ᠵᠠᠷᠤᠳᠠᠯ ᠲᠤᠰᠢᠶᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠣᠯᠤᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠯᠤᠭ᠎ᠠ ᠬᠤᠯᠪᠣᠭᠳᠠᠭᠤᠯᠵᠤ᠂ ᠣᠳᠣᠬᠠᠨ ᠳᠤ ᠵᠠᠰᠠᠭ ᠤᠨ ᠣᠷᠳᠣᠨ ᠤ ᠨᠥᠬᠦᠪᠥᠷᠢ ᠬᠢᠭᠡᠳ ᠬᠤᠪᠢ ᠬᠥᠮᠦᠨ ᠤ ᠵᠠᠷᠤᠳᠠᠯ ᠲᠤᠰᠢᠶᠠᠬᠤ ᠳᠤ ᠴᠤᠭᠯᠠᠭᠤᠯᠬᠤ ᠬᠠᠷᠢᠴᠠᠯ ᠨᠢ ᠶᠡᠭᠡ ᠲᠥᠯᠥᠪ 2᠄ 1 ᠪᠣᠯᠤᠨ᠎ᠠ︔ ᠭᠤᠷᠪᠠ ᠳᠤ᠂ ᠲᠣᠭᠲᠠᠮᠠᠯ ᠪᠣᠰᠤ ᠠᠵᠢᠯ ᠣᠯᠤᠭᠰᠠᠳ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠶᠢ ᠡᠵᠡᠨ ᠮᠡᠳᠡᠨ ᠰᠣᠩᠭᠤᠵᠤ ᠪᠣᠯᠤᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ ᠣᠯᠠᠨ  ᠡᠰᠢᠵᠢᠭᠦᠯᠦᠭᠰᠡᠨ ᠡᠮᠴᠢᠯᠡᠭᠡᠨ ᠤ ᠠᠪᠤᠷᠠᠨ ᠲᠤᠰᠠᠯᠠᠬᠤ ᠵᠠᠷᠤᠳᠠᠯ ᠤᠨ ᠪᠡᠯᠡ ᠴᠤᠭᠯᠠᠭᠤᠯᠬᠤ ᠲᠣᠭᠲᠠᠴᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠨᠡᠶᠢᠭᠡᠮ ᠤᠨ ᠬᠢᠨ ᠤ ᠬᠠᠨᠳᠢᠪᠯᠠᠬᠤ᠂ ᠪᠡᠯᠡ ᠮᠥᠩᠭᠦ ᠪᠠᠷ ᠲᠤᠰᠠᠯᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂  ᠡᠮᠴᠢᠯᠡᠭᠡᠨ ᠤ ᠳᠤᠰᠠᠯᠠᠨ ᠳᠡᠮᠵᠢᠬᠦ ᠪᠡᠯᠡ ᠴᠤᠭᠯᠠᠭᠤᠯᠬᠤ ᠠᠷᠭ᠎ᠠ ᠵᠠᠮ ᠢ ᠥᠷᠭᠡᠳᠭᠡᠪᠡ      ᠤᠯᠤᠰ ᠤᠨ ᠦᠨᠳᠦᠰᠦᠨ ᠪᠠᠶᠢᠳᠠᠯ ᠲᠠᠢ ᠵᠣᠬᠢᠴᠠᠭᠰᠠᠨ᠂ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠲᠠᠢ ᠵᠣᠬᠢᠴᠠᠭᠰᠠᠨ᠂ ᠡᠷᠡᠭᠦᠯ ᠮᠡᠨᠳᠦ ᠶᠢᠨ ᠦᠨᠳᠦᠰᠦᠨ ᠬᠡᠷᠡᠭᠴᠡᠭᠡ ᠲᠠᠢ ᠵᠣᠬᠢᠴᠠᠭᠰᠠᠨ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠂ ᠨᠢᠭᠡ ᠳᠤ᠂ ᠪᠡᠯᠡ ᠮᠥᠩᠭᠦ ᠴᠤᠭᠯᠠᠭᠤᠯᠬᠤ ᠶᠢ ᠬᠤᠪᠢᠶᠠᠨ ᠡᠭᠦᠷᠭᠡᠯᠡᠬᠦ ᠪᠠ ᠲᠤᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠪᠠᠷᠢᠮᠵᠢᠶᠠᠲᠤ ᠳᠠᠭᠠᠳᠬᠠᠯ ᠤᠨ ᠵᠠᠷᠤᠳᠠᠯ ᠤᠨ ᠨᠤᠷᠮ᠎ᠠ ᠶᠢᠨ ᠲᠦᠷᠢᠮ ᠢ ᠪᠠᠶᠢᠭᠤᠯᠵᠤ᠂ ᠬᠤᠪᠢ ᠬᠥᠮᠦᠨ᠂ ᠬᠥᠮᠦᠨ ᠬᠡᠷᠡᠭᠯᠡᠬᠦ ᠨᠢᠭᠡᠴᠢ᠂ ᠵᠠᠰᠠᠭ ᠤᠨ ᠣᠷᠳᠣᠨ ᠭᠤᠷᠪᠠᠨ ᠲᠠᠯ᠎ᠠ ᠶᠢᠨ ᠪᠡᠯᠡ ᠮᠥᠩᠭᠦ ᠴᠤᠭᠯᠠᠭᠤᠯᠬᠤ ᠵᠠᠷᠣᠳᠠᠯ ᠲᠤᠰᠢᠶᠠᠬᠤ ᠬᠠᠷᠢᠭᠤᠴᠠᠯᠭ᠎ᠠ ᠶᠢ ᠲᠡᠩᠴᠡᠭᠦᠷᠢᠲᠡᠢ ᠪᠣᠯᠭᠠᠵᠤ᠂ ᠡᠮᠴᠢᠯᠡᠭᠡᠨ ᠤ ᠳᠤᠰᠠᠯᠠᠨ ᠳᠡᠮᠵᠢᠬᠦ ᠪᠠ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠲᠦᠷᠦ ᠶᠢᠨ ᠪᠤᠳᠤᠯᠭ᠎ᠠ ᠶᠢ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠲᠦᠯᠬᠢᠨ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠳᠥᠭᠦᠮ ᠪᠠ ᠳᠠᠪᠬᠤᠴᠠᠬᠤ ᠠᠴᠠ ᠵᠠᠶᠢᠯᠠᠰᠬᠢᠵᠦ᠂ ᠲᠦᠷᠦ ᠶᠢᠨ ᠪᠤᠳᠤᠯᠭ᠎ᠠ ᠶᠢᠨ ᠬᠠᠷᠠᠯᠲᠠ ᠲᠣᠳᠣᠷᠬᠠᠢ᠂ ᠲᠦᠷᠦ ᠶᠢᠨ ᠪᠤᠳᠤᠯᠭ᠎ᠠ ᠶᠢᠨ ᠬᠦᠷᠢᠶ᠎ᠡ ᠬᠡᠪᠴᠢᠶ᠎ᠡ  ᠡᠲᠡᠭᠡᠳ ᠲᠣᠳᠣᠷᠬᠠᠢ ᠪᠥᠭᠡᠳ ᠵᠦᠢ ᠵᠣᠬᠢᠰᠲᠠᠢ᠂ ᠲᠦᠷᠦ ᠶᠢᠨ ᠪᠤᠳᠤᠯᠭ᠎ᠠ ᠶᠢᠨ ᠬᠠᠮ ᠬᠦᠴᠦᠨ ᠤ ᠦᠷ᠎ᠡ ᠪᠦᠲᠦᠮᠵᠢ ᠢᠯᠡᠳᠲᠡ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠰᠠᠭᠤᠷᠢ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠠᠭᠤᠷᠢ ᠮᠥᠩᠭᠦ ᠶᠢ ᠳᠤᠮᠳᠠ ᠪᠠ ᠣᠷᠳᠣ ᠬᠤᠭᠤᠴᠠᠭᠠᠨ ᠤ ᠨᠠᠷᠢᠨ ᠪᠤᠳᠤᠵᠤ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠵᠦ᠂ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢ ᠦᠨᠡᠯᠡᠨ ᠵᠢᠱᠢᠬᠦ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠮᠥᠩᠭᠦ ᠶᠢᠨ ᠠᠵᠢᠯᠯᠠᠭᠠᠨ ᠤ ᠲᠣᠭᠲᠠᠭᠤᠨ ᠢᠶᠠᠷ ᠦᠷᠭᠦᠯᠵᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ  ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠰᠠᠯᠠᠭ᠎ᠠ ᠮᠥᠴᠢᠷ ᠠᠯᠤᠰᠯᠠᠨ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠢᠳᠡᠪᠬᠢᠲᠡᠶ ᠪᠠᠷ ᠬᠠᠮᠵᠢᠯᠴᠠᠨ ᠨᠠᠰᠤᠵᠢᠯᠲᠠ ᠶᠢᠨ ᠡᠮᠴᠢᠯᠡᠭᠡᠨ ᠤ ᠳᠠᠷᠤᠭᠠᠰᠤ ᠶᠢ ᠠᠷᠭᠠᠴᠠᠬᠤ ᠣᠯᠠᠨ ᠠᠷᠭ᠎ᠠ ᠵᠠᠮ ᠢᠶᠠᠷ ᠪᠠᠯᠠ ᠴᠤᠭᠯᠠᠭᠤᠯᠬᠤ ᠲᠥᠷᠥ ᠶᠢᠨ ᠪᠣᠳᠣᠯᠭ᠎ᠠ ᠶᠢ ᠰᠤᠳᠤᠯᠬᠤ ᠶᠢᠨ ᠬᠠᠮᠲᠤ ᠨᠡᠶᠢᠭᠡᠮ ᠤᠨ ᠬᠢᠨ ᠬᠠᠨᠳᠢᠪᠯᠠᠬᠤ᠂ ᠡᠳ᠋ ᠮᠥᠩᠭᠦ ᠪᠠᠷ ᠲᠤᠰᠠᠯᠠᠬᠤ᠂ ᠡᠮᠴᠢᠯᠡᠭᠡ ᠪᠠᠷ ᠳᠤᠰᠠᠠᠯᠠᠨ ᠳᠡᠮᠵᠢᠬᠦ ᠵᠡᠷᠭᠡ ᠪᠠᠯᠠ ᠴᠤᠭᠯᠠᠭᠤᠯᠬᠤ ᠠᠷᠭ᠎ᠠ ᠵᠠᠮ ᠢ ᠥᠷᠭᠡᠳᠬᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠰᠠᠭᠤᠷᠢ ᠮᠥᠩᠭᠦ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠠᠮᠢᠶᠠᠷᠤᠯᠲᠠ ᠶᠢ ᠴᠢᠩᠭᠠᠷᠠᠭᠤᠯᠵᠤ᠂ ᠰᠠᠭᠤᠷᠢ ᠮᠥᠩᠭᠦ ᠶᠢᠨ ︽ ᠴᠦᠬᠦᠷᠦᠮ︾ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠵᠤ᠂ ᠰᠢᠰᠲ᠋ᠧᠮᠲᠦ ᠲᠦᠭᠰᠢᠭᠦᠷᠢ ᠥᠯᠥ ᠡᠭᠦᠰᠭᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ      ᠰᠤᠷᠪᠤᠯᠵᠢᠯᠠᠭᠴᠢ᠄ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠣᠭᠤᠷᠢᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠭᠤᠤᠯᠳᠠᠯᠭ᠎ᠠ ᠲᠠᠢ ᠶᠠᠮᠠᠷ ᠠᠵᠢᠯ ᠬᠢᠭᠰᠡᠨ ᠪᠣᠶ︖      ᠸᠠᠩ ᠵᠠᠨ ᠭᠦᠸᠧ᠄ ᠶᠠᠭᠤᠨ ᠤ ᠡᠮᠦᠨ᠎ᠡ ᠵᠠᠭᠤᠴᠢᠯᠠᠭᠤᠷ ᠤᠨ ᠨᠠᠶᠢᠵᠠ ᠨᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ︕ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠪᠣᠯ ᠡᠮᠴᠢᠯᠡᠭᠡ᠂  ᠡᠮᠴᠢᠯᠡᠭᠡ ᠶᠢᠨ ᠳᠠᠭᠠᠳᠬᠠᠯ᠂ ᠡᠮ ᠡᠮᠨᠡᠯᠭᠡ ︽ᠭᠤᠷᠪᠠᠭᠤᠯᠠ ᠬᠤᠯᠪᠤᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢᠨ ᠴᠢᠬᠤᠯᠠ ᠡᠭᠦᠷᠭᠡ ᠶᠢᠨ ᠨᠢᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ ᠶᠡᠷᠦ ᠨᠢ ︽ᠭᠤᠷᠪᠠᠭᠤᠯᠠ ᠬᠤᠯᠪᠤᠭᠠᠯᠠᠨ ᠬᠥᠳᠡᠯᠦᠯᠴᠡᠬᠦ︾ ᠶᠢ ᠪᠠᠷᠢᠮᠲᠠᠯᠠᠵᠤ᠂ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢᠨ ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠠᠳᠬᠤᠨ ᠪᠣᠳᠠᠲᠠᠶ ᠠᠳᠬᠤᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠭᠠᠵᠠᠷ ᠣᠷᠣᠨ ᠢ ᠤᠷᠮᠠᠰᠢᠭᠤᠯᠤᠨ ᠳᠡᠮᠵᠢᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠲᠠᠪᠤᠨ ᠵᠢᠯ ᠳᠠᠷᠠᠭᠠᠯᠠᠨ ᠮᠠᠭᠲᠠᠭᠠᠯ ᠵᠣᠷᠢᠭᠵᠢᠭᠤᠯᠤᠯ ᠭᠦᠷᠲᠡᠪᠡ᠃ ᠪᠣᠳᠠᠲᠠᠶ ᠠᠵᠢᠯ ᠳᠤ᠂ ᠡᠮᠴᠢᠯᠡᠭᠡᠨ ᠤ ᠦᠢᠯᠡᠴᠢᠯᠡᠭᠡᠨ ᠤ  ᠳᠣᠭᠲᠠᠯᠴᠠᠭ᠎ᠠ ᠶᠢ ᠦᠷᠭᠦᠯᠵᠢᠯᠡᠨ ᠪᠠᠬᠢᠵᠢᠭᠦᠯᠬᠦ ᠶᠢᠨ ᠬᠠᠮᠲᠤ ᠳᠤᠤᠷᠠᠬᠢ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠥᠷᠨᠢᠭᠦᠯᠪᠡ᠃      ᠨᠢᠭᠡ᠂ ᠡᠷᠡᠭᠦᠯ ᠮᠡᠨᠳᠦ ᠶᠢᠨ ᠡᠭᠦᠳᠡ ᠰᠠᠬᠢᠭᠴᠢ ᠶᠢᠨ ᠲᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠣᠶᠢᠷ᠎ᠠ ᠬᠠᠪᠢ ᠳᠤ ᠪᠠᠨ ᠡᠪᠡᠳᠴᠢᠨ ᠦᠵᠡᠭᠦᠯᠬᠦ ᠶᠢ ᠪᠠᠲᠤᠯᠠᠪᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠦᠯᠵᠢᠶ᠎ᠡ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠳᠦᠷᠢᠮ ᠢ ᠭᠤᠣᠯᠳᠠᠯᠭ᠎ᠠ ᠲᠠᠢ ᠪᠠᠶᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ᠂ ᠵᠠᠷᠤᠳᠠᠯ ᠥᠭᠬᠦ ᠡᠭᠦᠳᠡ ᠶᠢ ᠪᠠᠲᠤ  ᠰᠠᠬᠢᠪᠠ᠃ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠬᠤ ᠲᠤᠷᠰᠢᠯᠲᠠ ᠶᠢᠨ ᠴᠡᠭ ᠢ ᠶᠡᠭᠡ ᠪᠠᠷ ᠥᠷᠨᠢᠭᠦᠯᠵᠦ ᠂ ᠲᠣᠮᠣ ᠡᠮᠨᠡᠯᠭᠡ ᠶᠢᠨ ᠬᠤᠷᠢᠶ᠎ᠠ ᠶᠢᠨ ᠡᠮᠴᠢ ᠭᠡᠷ ᠪᠦᠯᠢ ᠶᠢᠨ ᠡᠮᠴᠢ ᠶᠢᠨ ᠪᠦᠯᠬᠦᠮ ᠳᠤ ᠣᠷᠣᠯᠴᠠᠬᠤ ᠶᠢ ᠵᠣᠷᠢᠭᠵᠢᠭᠤᠯᠤᠨ᠂ ᠭᠡᠷ᠎ᠡ ᠲᠣᠭᠲᠠᠨ ᠦᠢᠯᠡᠴᠢᠯᠡᠬᠦ ᠬᠢᠷᠢ ᠬᠡᠮ ᠢ ᠵᠢᠯ ᠳᠠᠷᠠᠭᠠᠯᠠᠨ ᠳᠡᠭᠡᠭᠰᠢᠯᠡᠭᠦᠯᠪᠡ᠃ 2020 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠶᠡᠷᠦᠩᠬᠡᠶ ᠰᠠᠯᠠᠭᠠᠨ ᠤ ᠡᠮᠴᠢ ᠶᠢᠨ ᠲᠤᠭ᠎ᠠ 7598᠂ ᠬᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠤᠨ ᠲᠤᠭ᠎ᠠ 9528᠂ ᠭᠡᠷ᠎ᠡ ᠲᠣᠭᠲᠠᠭᠰᠠᠨ ᠪᠥᠬᠦ ᠬᠥᠮᠦᠨ ᠤ ᠲᠤᠭ᠎ᠠ 1905 . 6 ᠲᠦᠮᠡ ᠬᠦᠷᠴᠦ᠂ 2017 ᠣᠨ ᠤ 1056 . 59 ᠲᠦᠮᠡᠨ ᠬᠥᠮᠦᠨ ᠠᠴᠠ 849 . 01 ᠲᠦᠮᠡ ᠨᠡᠮᠡᠭᠳᠡᠵᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 60 % ᠬᠦᠷᠴᠦ᠂ ᠭᠤᠤᠯᠳᠠᠯᠭ᠎ᠠ ᠲᠠᠢ ᠬᠥᠮᠦᠰ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 75 % ᠠᠴᠠ ᠳᠡᠭᠡᠭᠰᠢ ᠪᠣᠯᠵᠤ᠂ ᠨᠠᠷᠢᠯᠢᠭ ᠣᠨᠣᠴᠠᠲᠠᠢ ᠶᠠᠳᠠᠭᠤ ᠶᠢ ᠲᠡᠳᠬᠦᠬᠦ ᠬᠥᠮᠦᠰ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ 100 % ᠬᠦᠷᠴᠡᠶ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠪᠠᠷ ᠳᠠᠮᠵᠢᠭᠤᠯᠤᠨ᠂ ᠣᠯᠠᠨ ᠲᠦᠮᠡᠨ ᠡᠪᠡᠳᠴᠢᠯᠡᠭᠰᠡᠨ ᠤ ᠳᠠᠷᠠᠭ᠎ᠠ ᠳᠠᠷᠦ᠋ᠢᠬᠠᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠶᠢ ᠪᠡᠶᠡᠯᠡᠭᠦᠯᠪᠡ᠃      ᠬᠤᠶᠠᠷ᠂ ᠣᠷᠣᠨ ᠪᠦᠰᠡ ᠶᠢᠨ ᠡᠮᠴᠢᠯᠡᠭᠡᠨ ᠤ ᠲᠥᠪ ᠪᠠ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠴᠢᠨᠠᠷ ᠴᠢᠨᠰᠠᠭ᠎ᠠ ᠶᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ ᠪᠠᠶᠢᠷᠢᠰᠢᠯᠠᠭᠤᠯᠵᠤ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠲᠤᠰᠬᠠᠶ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠰᠦᠯ ᠢ ᠬᠡᠷᠡᠭᠵᠢᠭᠦᠯᠵᠦ᠂ ᠲᠠᠷᠢᠬᠢᠨ ᠰᠠ᠂ ᠴᠡᠭᠡᠵᠢ ᠡᠪᠡᠳᠬᠦ᠂ ᠰᠢᠷᠬᠠᠲᠤᠬᠤ᠂ ᠠᠶᠤᠯ ᠶᠡᠬᠡᠲᠡᠶ ᠵᠢᠷᠮᠦᠰᠦᠨ ᠡᠮᠡᠭᠲᠡᠶ᠂ ᠠᠶᠤᠯ ᠶᠡᠬᠡᠲᠡᠶ ᠨᠢᠯᠬ᠎ᠠ ᠬᠡᠦᠬᠡᠳ ᠤᠨ ᠲᠠᠪᠤᠨ ᠶᠡᠭᠡ ᠲᠦᠷᠭᠡᠨ ᠠᠪᠤᠷᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠶᠡᠭᠡ ᠪᠠᠷ ᠠᠬᠢᠭᠤᠯᠵᠤ᠂ ᠨᠢᠭᠡ ᠪᠦᠯᠦᠭ ᠡᠮᠴᠢᠯᠡᠭᠡᠨ ᠤ ᠬᠦᠴᠢᠷ ᠮᠡᠷᠭᠡᠵᠢᠯ ᠢ ᠬᠡᠰᠡᠭ ᠬᠤᠰᠢᠭᠤ ᠰᠢᠶᠠᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠳᠤ ᠬᠡᠷᠡᠭᠯᠡᠬᠦ᠂ ᠮᠡᠰᠡ ᠵᠠᠰᠠᠯ ᠬᠢᠬᠦ ᠮᠠᠰᠢᠨ ᠬᠥᠮᠦᠨ ᠵᠡᠷᠭᠡ ᠰᠢᠨ᠎ᠡ ᠲᠥᠬᠦᠭᠡᠷᠦᠮᠵᠢ᠂ ᠰᠢᠨ᠎ᠡ ᠮᠡᠷᠭᠡᠵᠢᠯ ᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠳᠤ ᠣᠷᠣᠭᠤᠯᠤᠨ ᠠᠪᠴᠢᠷᠠᠬᠤ ᠶᠢᠨ ᠬᠠᠮᠲᠤ ᠪᠣᠯᠪᠠᠰᠤᠷᠠᠩᠭᠤᠶ ᠬᠡᠷᠡᠭᠯᠡᠬᠦ ᠪᠣᠯᠭᠠᠵᠤ᠂ ᠡᠯ᠎ᠡ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ ᠲᠤᠰᠬᠠᠶ ᠰᠠᠯᠠᠭᠠᠨ ᠤ ᠡᠮᠨᠡᠯᠭᠡ ᠶᠢᠨ ᠬᠤᠷᠢᠶᠠᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ  ᠬᠦᠷᠭᠡᠵᠦ᠂ ᠣᠯᠠᠨ ᠲᠥᠮᠡᠨ ᠬᠦᠨᠳᠦ ᠡᠪᠡᠳᠴᠢᠨ ᠣᠯᠵᠤ᠂ ᠬᠦᠨᠳᠦ ᠡᠪᠡᠳᠴᠢᠲᠡᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠦᠨᠳᠦᠰᠦᠨ ᠡᠮᠴᠢᠯᠡᠭᠡᠨ ᠤ ᠦᠢᠯᠡᠴᠢᠯᠡᠭᠡ ᠬᠦᠷᠲᠡᠬᠦ ᠶᠢ ᠦᠨᠡᠨ ᠬᠦ ᠪᠠᠲᠤᠯᠠᠪᠠ᠃ 2019 ᠣᠨ ᠳᠤ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠠᠴᠠ ᠭᠠᠷᠤᠭᠰᠠᠨ ᠡᠪᠡᠳᠴᠢᠲᠡᠨ ᠤ ᠮᠡᠰᠡ ᠵᠠᠰᠠᠯ ᠬᠢᠭᠰᠡᠨ ᠬᠠᠷᠢᠴᠠᠯ 23 . 61 % ᠶᠢ ᠡᠵᠡᠯᠡᠵᠦ᠂ ᠸᠧᠢ ᠴᠤᠸᠠᠩ ᠮᠡᠰᠡ ᠵᠠᠰᠠᠯ ᠬᠢᠭᠰᠡᠨ ᠬᠠᠷᠢᠴᠠᠯ 25 . 84 % ᠶᠢ ᠡᠵᠡᠯᠡᠵᠦ᠂ ᠳᠥᠷᠪᠡᠳᠦᠭᠡᠷ ᠳᠡᠰ ᠤᠨ ᠮᠡᠰᠡ ᠵᠠᠰᠠᠯ ᠬᠢᠭᠰᠡᠨ ᠬᠠᠷᠢᠴᠠᠯ 15 . 64 % ᠶᠢ ᠡᠵᠡᠯᠡᠵᠦ᠂ ᠴᠥᠮ 2017 ᠣᠨ ᠤ ᠬᠢ ᠠᠴᠠ ᠳᠡᠭᠡᠭᠰᠢᠯᠡᠪᠡ᠃ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠦᠷ᠎ᠡ ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠵᠦ᠂ ᠡᠳᠦᠷ ᠤᠨ ᠮᠡᠰᠡ ᠵᠠᠰᠠᠯ ᠬᠢᠭᠰᠡᠨ ᠬᠥᠮᠦᠨ ᠤ ᠲᠤᠭ᠎ᠠ 2017 ᠣᠨ ᠳᠤ 6583 ᠪᠠᠶᠢᠭᠰᠠᠨ ᠠᠴᠠ 2019 ᠣᠨ ᠳᠤ 17697 ᠨᠡᠮᠡᠭᠳᠡᠨ᠂ ᠡᠳᠦᠷ ᠤᠨ ᠮᠡᠰᠡ ᠵᠠᠰᠠᠯ ᠤᠨ ᠬᠤᠭᠤᠴᠠᠭ᠎ᠠ ᠰᠣᠩᠭᠤᠬᠤ ᠮᠡᠰᠡ ᠵᠠᠰᠠᠯ ᠳᠠᠬᠢ ᠡᠵᠡᠯᠡᠬᠦ ᠬᠠᠷᠢᠴᠠᠯ 6 . 20 % ᠳᠡᠭᠡᠭᠰᠢᠯᠡᠪᠡ᠃ ᠡᠮᠨᠡᠯᠭᠡ ᠶᠢᠨ ᠬᠤᠷᠢᠶᠠᠨ ᠤ ᠡᠮᠨᠡᠯᠭᠡ ᠠᠴᠠ ᠭᠠᠷᠤᠭᠰᠠᠳ ᠤᠨ ᠳᠤᠮᠳᠠᠴᠢ ᠪᠠᠷ ᠡᠮᠨᠡᠯᠭᠡ ᠳᠤ ᠰᠠᠭᠤᠭᠰᠠᠨ ᠡᠳᠦᠷ 2015 ᠣᠨ ᠳᠤ 10 . 1 ᠡᠳᠦᠷ ᠪᠠᠶᠢᠭᠰᠠᠨ ᠠᠴᠠ 2019 ᠣᠨ ᠳᠤ 9 . 3 ᠡᠳᠦᠷ ᠪᠠᠭᠠᠰᠴᠤ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ 1 . 1 ᠡᠳᠦᠷ ᠪᠠᠭᠠᠰᠴᠤ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ 0 . 9 ᠡᠳᠦᠷ ᠪᠠᠭᠠᠰᠴᠤ᠂ ᠨᠢᠭᠡᠳᠦᠭᠡᠷ ᠳᠡᠰ ᠤᠨ ᠡᠮᠨᠡᠯᠭᠡ ᠶᠢᠨ ᠬᠤᠷᠢᠶ᠎ᠠ 0 . 5 ᠡᠳᠦᠷ ᠪᠠᠭᠠᠰᠴᠠᠶ᠃      ᠭᠤᠷᠪᠠ᠂ ᠣᠨᠣᠰᠢᠯᠠᠨ ᠡᠮᠨᠡᠬᠦ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠵᠤ᠂ ᠣᠯᠠᠨ ᠲᠦᠮᠡᠨ ᠤ ᠠᠮᠤᠷ ᠲᠦᠪᠰᠢᠨ ᠡᠪᠡᠳᠴᠢᠨ ᠢᠶᠠᠨ ᠡᠮᠨᠡᠭᠦᠯᠬᠦ ᠶᠢ ᠪᠠᠲᠤᠯᠠᠪᠠ᠃ ︽ᠡᠮᠨᠡᠯᠭᠡ ᠶᠢᠨ ᠬᠤᠷᠢᠶᠠᠨ ᠳᠤ ᠵᠢᠷᠤᠮᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠭᠠᠳᠠᠨ᠎ᠠ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠷᠠᠭᠤᠯᠬᠤ︾ ᠰᠡᠳᠬᠢᠮᠵᠢ ᠶᠣᠰᠣᠭᠠᠷ ᠣᠨᠣᠰᠢᠯᠠᠨ ᠡᠮᠨᠡᠬᠦ ᠦᠢᠯᠡᠴᠢᠯᠡᠭᠡᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡ ᠶᠢᠨ ᠠᠵᠢᠯᠯᠠᠭ᠎ᠠ ᠶᠢ  ᠵᠢᠷᠤᠮᠵᠢᠭᠤᠯᠪᠠ᠃ ᠨᠢᠭᠡ ᠳᠤ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠠᠬᠢᠭᠤᠯᠵᠤ᠂ ᠡᠮᠨᠡᠯᠭᠡ ᠶᠢᠨ ᠬᠤᠷᠢᠶᠠᠨ ᠳᠠᠬᠢ ᠣᠨᠣᠰᠢᠯᠠᠨ  ᠡᠮᠨᠡᠬᠦ ᠠᠵᠢᠯᠯᠠᠭ᠎ᠠ ᠶᠢ ᠵᠢᠷᠤᠮᠵᠢᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠬᠢᠨᠠᠨ  ᠬᠡᠮᠵᠢᠬᠦ ᠲᠠᠪᠴᠠᠩ ᠢ ᠪᠠᠶᠢᠭᠤᠯᠵᠤ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠪᠠ᠃ ᠣᠳᠣᠬᠠᠨ ᠳᠤ᠂ ᠪᠦᠬᠦ ᠣᠷᠣᠨ ᠤ ᠡᠮᠴᠢᠯᠡᠭᠡᠨ ᠤ ᠠᠷᠭ᠎ᠠ ᠵᠠᠮ ᠢ ᠳᠤᠮᠳᠠᠴᠢ ᠪᠠᠷ 25 ᠲᠤᠰᠬᠠᠶ ᠮᠡᠷᠭᠡᠵᠢᠯ᠂ 158 ᠡᠪᠡᠳᠴᠢᠨ ᠤ ᠲᠥᠷᠥᠯ ᠳᠤ ᠬᠦᠷᠭᠡᠪᠡ᠃ ᠬᠤᠶᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ 95 %᠂ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ 61 % ᠶᠢᠨ ᠡᠪᠡᠳᠴᠢᠲᠡᠨ ᠡᠮᠨᠡᠯᠭᠡ ᠠᠴᠠ ᠭᠠᠷᠬᠤ ᠶᠢ ᠡᠮᠴᠢᠯᠡᠭᠡᠨ ᠤ ᠠᠷᠭ᠎ᠠ ᠵᠠᠮ ᠢᠶᠠᠷ ᠬᠠᠮᠢᠶᠠᠷᠪᠠ᠃ ᠬᠤᠶᠠᠷ ᠲᠤ᠂ ᠡᠮ ᠤᠨ ᠵᠦᠢᠯ ᠢ ᠵᠣᠬᠢᠰᠲᠠᠢ ᠬᠡᠷᠡᠭᠯᠡᠬᠦ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠡᠮ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠪᠠ᠃ ᠡᠮ ᠤᠨ ᠵᠦᠢᠯ ᠤᠨ ᠬᠡᠷᠡᠭᠯᠡᠯᠲᠡ ᠶᠢ ᠬᠢᠨᠠᠨ ᠬᠡᠮᠵᠢᠬᠦ ᠪᠠ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠶᠢ ᠥᠷᠨᠢᠭᠦᠯᠵᠦ᠂ ᠡᠮᠴᠢ ᠡᠮᠴᠢᠯᠡᠭᠡᠨ ᠳᠤ ᠡᠮ ᠢ ᠵᠦᠶ ᠵᠣᠬᠢᠰᠲᠠᠶ ᠬᠡᠷᠡᠭᠯᠡᠬᠦ ᠬᠢᠷᠢ  ᠲᠦᠪᠰᠢᠨ ᠶᠢ ᠳᠡᠭᠡᠭᠰᠢᠯᠡᠭᠦᠯᠦᠨ᠂ ᠡᠮ ᠨᠠᠶᠢᠷᠠᠭᠴᠢ ᠪᠤᠶᠤ ᠡᠮ ᠤᠨ ᠰᠣᠳᠤᠯᠭᠠᠨ ᠤ ᠪᠤᠰᠤᠳ ᠮᠡᠷᠭᠡᠵᠢᠯ ᠤᠨ ᠠᠵᠢᠯᠲᠠᠨ ᠤ ᠵᠣᠷ ᠢ ᠬᠢᠨᠠᠨ  ᠪᠠᠶᠢᠴᠠᠭᠠᠬᠤ ᠶᠢ ᠴᠢᠩᠭᠠᠷᠠᠭᠤᠯᠵᠤ᠂ ᠰᠣᠩᠭᠤᠭᠳᠠᠭᠰᠠᠨ ᠡᠮ ᠤᠨ ᠵᠦᠢᠯ ᠢ ᠤᠷᠢᠳ ᠢᠶᠠᠷ ᠬᠡᠷᠡᠭᠯᠡᠵᠦ᠂ ᠡᠮ ᠢ ᠵᠦᠶ ᠵᠣᠬᠢᠰᠲᠠᠶ ᠬᠡᠷᠡᠭᠯᠡᠬᠦ ᠬᠠᠮᠢᠶᠠᠷᠤᠯᠲᠠ ᠪᠠ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠪᠠ᠃ ᠭᠤᠷᠪᠠ ᠳᠤ᠂  ᠬᠢᠷᠢ ᠪᠦᠲᠦᠮᠵᠢ ᠶᠢᠨ ᠬᠠᠮᠢᠶᠠᠷᠤᠯᠲᠠ ᠪᠣᠯᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠠᠴᠠ ᠭᠤᠷᠪᠠᠳᠤᠭᠠᠷ ᠳᠡᠰ ᠤᠨ ᠪᠠ ᠬᠤᠶᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠶᠢ ᠡᠬᠢᠯᠡᠭᠦᠯᠵᠦ᠂ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠶᠢ ᠵᠢᠯᠣᠭᠤᠳᠬᠤ ᠲᠣᠬᠢᠭᠤᠷ ᠤᠨ ᠦᠢᠯᠡᠳᠦᠯ ᠢ ᠪᠠᠳᠠᠷᠠᠭᠤᠯᠵᠤ᠂ ᠡᠮᠨᠡᠯᠭᠡ ᠶᠢᠨ  ᠬᠤᠷᠢᠶ᠎ᠠ ᠶᠢ ᠬᠥᠲᠥᠯᠥᠨ ᠵᠢᠯᠣᠭᠤᠳᠴᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ ᠵᠢᠷᠤᠮᠵᠢᠭᠰᠠᠨ ᠣᠨᠣᠰᠢᠯᠠᠨ ᠡᠮᠨᠡᠬᠦ ᠦᠢᠯᠡᠴᠢᠯᠡᠭᠡ ᠶᠢ  ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠶᠠᠷ ᠵᠢᠯ ᠳᠠᠷᠠᠭᠠᠯᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡ ᠬᠢᠭᠡᠳ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠦᠯᠦᠯᠲᠡ︾ ᠶᠢ ᠨᠡᠶᠢᠲᠡᠯᠡᠵᠦ᠂ ᠡᠯ᠎ᠡ ᠱᠠᠲᠤᠨ ᠤ ᠡᠯ᠎ᠡ ᠲᠥᠷᠥᠯ ᠤᠨ ᠡᠮᠨᠡᠯᠭᠡ ᠶᠢᠨ ᠬᠤᠷᠢᠶ᠎ᠠ ᠶᠢᠨ ᠶᠠᠰᠤ ᠴᠢᠨᠠᠷ ᠢᠶᠠᠨ ᠦᠷᠭᠦᠯᠵᠢᠯᠡᠨ ᠰᠠᠶᠢᠵᠢᠷᠠᠭᠤᠯᠬᠤ ᠶᠢ ᠬᠥᠲᠥᠯᠥᠨ ᠵᠢᠯᠣᠭᠤᠳᠴᠤ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠠᠵᠢᠯ ᠢᠶᠠᠨ ᠰᠠᠶᠢᠵᠢᠷᠠᠭᠤᠯᠬᠤ ᠶᠢ ᠵᠢᠭᠠᠨ ᠵᠢᠯᠣᠭᠤᠳᠪᠠ᠃      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠤᠨ ᠲᠣᠬᠢᠷᠠᠭᠤᠯᠤᠯᠲᠠ ᠶᠣᠰᠣᠭᠠᠷ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠡᠮᠴᠢᠯᠡᠭᠡᠨ ᠤ  ᠦᠢᠯᠡᠴᠢᠯᠡᠭᠡ ᠶᠢᠨ ᠪᠣᠯᠤᠮᠵᠢᠲᠤ ᠴᠢᠨᠠᠷ ᠢ ᠴᠢᠩᠭᠠᠳᠬᠠᠬᠤ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠡᠭᠦᠷᠭᠡ ᠶᠢᠨ ᠲᠣᠭᠤᠷᠢᠨ ᠳᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠶᠡᠷᠦᠩᠬᠡᠶ ᠰᠠᠯᠠᠭ᠎ᠠ ᠪᠠ ᠲᠤᠰᠬᠠᠶ ᠰᠠᠯᠠᠭᠠᠨ ᠤ ᠠᠵᠢᠯ ᠬᠤᠪᠢᠶᠠᠷᠢᠯᠠᠨ ᠬᠠᠮᠲᠤᠷᠠᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠤᠨ ᠬᠢᠷᠢ ᠪᠦᠲᠦᠮᠵᠢ ᠶᠢᠨ ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠳᠤ ᠪᠠᠲᠤ ᠴᠢᠩᠭ᠎ᠠ ᠲᠤᠯᠭᠠᠭᠤᠷᠢᠯᠠᠯ ᠢ  ᠬᠠᠩᠭᠠᠨ᠎ᠠ᠃      ᠰᠤᠷᠪᠤᠯᠵᠢᠯᠠᠭᠴᠢ᠄ ᠣᠶᠢᠯᠠᠭᠠᠭᠰᠠᠨ ᠢᠶᠠᠷ᠂ ᠣᠶᠢᠷ᠎ᠠ ᠶᠢᠨ ᠬᠡᠳᠦᠨ ᠵᠢᠯ ᠳᠤ ᠠᠮᠢ ᠠᠪᠤᠷᠬᠠᠤ ᠪᠠ ᠪᠠᠴᠢᠮ ᠪᠠᠶᠢᠳᠠᠯ ᠠᠴᠠ ᠠᠪᠤᠷᠬᠠᠤ ᠮᠠᠰᠢ ᠣᠯᠠᠨ ᠰᠠᠶᠢᠨ ᠡᠮ ᠢ  ᠬᠡᠯᠡᠯᠴᠡᠭᠡ ᠬᠢᠬᠦ ᠪᠠᠷ ᠳᠠᠮᠵᠢᠭᠤᠯᠤᠨ ᠦᠨ᠎ᠡ ᠶᠢ ᠨᠢ ᠪᠠᠭᠤᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠪᠠ᠂ ᠲᠡᠭᠡᠪᠡᠯ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠡᠯᠡᠯᠴᠡᠭᠡ ᠬᠢᠭᠰᠡᠨ ᠡᠮ ᠢ ᠨᠠᠶᠢᠳᠠᠪᠤᠷᠢᠵᠢᠭᠤᠯᠬᠤ᠂ ᠡᠪᠡᠳᠴᠢᠲᠡᠨ ᠤ ᠬᠡᠷᠡᠭᠯᠡᠬᠦ ᠳᠤ ᠲᠥᠬᠦᠮ ᠦᠵᠡᠭᠦᠯᠬᠦ ᠲᠠᠯ᠎ᠠ ᠪᠠᠷ ᠶᠠᠮᠠᠷ ᠠᠵᠢᠯ ᠬᠢᠭᠰᠡᠨ ᠪᠣᠶ︖ ᠳᠠᠷᠠᠭ᠎ᠠ ᠠᠯᠬᠤᠮ ᠤᠨ ᠠᠵᠢᠯ ᠶᠢᠨ ᠲᠥᠯᠥᠪᠯᠡᠭᠡ ᠶᠠᠭᠤ ᠪᠣᠢ︖        ᠶᠢᠨ ᠮᠠᠨ ᠢ᠄ ᠣᠶᠢᠷ᠎ᠠ ᠶᠢᠨ ᠬᠡᠳᠦᠨ ᠵᠢᠯ᠂ ᠤᠯᠤᠰ ᠠᠴᠠ ᠡᠮ ᠤᠨ ᠵᠦᠢᠯ ᠤᠨ ᠬᠡᠯᠡᠯᠴᠡᠭᠡ ᠬᠢᠬᠦ ᠲᠣᠭᠲᠠᠴᠠ ᠪᠠᠷ ᠳᠠᠮᠵᠢᠭᠤᠯᠤᠨ᠂ ᠬᠦᠨᠳᠦ ᠣᠨᠴᠠ ᠶᠡᠭᠡ ᠡᠪᠡᠳᠴᠢᠨ ᠡᠮᠭᠡᠭ ᠢ ᠡᠮᠨᠡᠨ ᠵᠠᠰᠠᠬᠤ ᠬᠡᠰᠡᠭ ᠡᠮ ᠤᠨ ᠵᠦᠢᠯ ᠢ ᠡᠮᠴᠢᠯᠡᠭᠡᠨ ᠤ ᠪᠠᠲᠤᠯᠠᠭ᠎ᠠ ᠶᠢᠨ ᠭᠠᠷᠴᠠᠭ ᠲᠤ ᠣᠷᠣᠭᠤᠯᠵᠤ᠂ ᠡᠮ ᠤᠨ ᠵᠦᠢᠯ ᠤᠨ ᠦᠨ᠎ᠡ ᠬᠠᠩᠰᠢ ᠶᠢ ᠬᠡᠯᠡᠯᠴᠡᠭᠡ ᠬᠢᠬᠦ ᠠᠴᠠ ᠡᠮᠦᠨᠡᠬᠢ ᠲᠠᠢ ᠬᠠᠷᠢᠴᠠᠭᠤᠯᠪᠠᠯ ᠶᠡᠭᠡ ᠪᠠᠷ ᠪᠠᠭᠤᠷᠠᠭᠤᠯᠪᠠ᠃ ᠢᠯᠠᠩᠭᠤᠶ᠎ᠠ ᠡᠨᠡ ᠵᠢᠯ ᠰᠢᠨ᠎ᠡ ᠪᠠᠷ ᠨᠡᠮᠡᠭᠳᠡᠭᠰᠡᠨ 119 ᠵᠦᠢᠯ ᠤᠨ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠤᠨ ᠦᠨ᠎ᠡ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ 50 . 64 % ᠳᠤ ᠬᠦᠷᠴᠦ᠂ ᠡᠪᠡᠳᠴᠢᠲᠡᠨ ᠤ ᠵᠠᠷᠤᠳᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠢᠳᠡᠪᠬᠢᠲᠡᠶ ᠠᠷᠭ᠎ᠠ ᠬᠡᠮᠵᠢᠶ᠎ᠡ ᠠᠪᠴᠤ  ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠢ ᠮᠠᠨ ᠤ ᠣᠷᠣᠨ ᠳᠤ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠪᠠ᠃ ᠨᠢᠭᠡ ᠳᠤ᠂ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠢ ᠮᠠᠨ ᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠳᠠᠷᠤᠶᠢᠬᠠᠨ ᠣᠷᠣᠭᠤᠯᠵᠤ᠂ ᠬᠡᠯᠡᠯᠴᠡᠭᠡ ᠬᠢᠭᠰᠡᠨ ᠡᠮ ᠤᠨ ᠵᠦᠢᠯ ᠢ ᠰᠦᠯᠵᠢᠶᠡᠨ ᠳᠤ ᠡᠯᠭᠦᠬᠦ᠂ ᠬᠤᠳᠠᠯᠳᠤᠨ ᠠᠪᠬᠤ᠂ ᠳ᠋ᠦᠩᠨᠡᠨ ᠪᠤᠳᠤᠬᠤ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠮ ᠤᠨ ᠵᠦᠢᠯ ᠢ ᠬᠡᠷᠡᠭᠯᠡᠵᠦ ᠪᠠᠶᠢᠭ᠎ᠠ ᠪᠠᠶᠢᠳᠠᠯ ᠢ ᠦᠷᠭᠦᠯᠵᠢᠯᠡᠨ ᠬᠢᠨᠠᠨ ᠬᠡᠮᠵᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ᠂ ᠲᠤᠰᠬᠠᠶ ᠵᠦᠢᠯ ᠢᠶᠠᠷ ᠪᠣᠯᠵᠣᠨ ᠶᠠᠷᠢᠯᠴᠠᠬᠤ᠂  ᠰᠢᠪᠠᠳᠠᠭᠤᠯᠤᠨ ᠪᠠᠶᠢᠴᠠᠭᠠᠵᠤ ᠰᠢᠪᠠᠳᠠᠭᠤᠯᠤᠨ ᠭᠦᠢᠴᠡᠳᠭᠡᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠬᠡᠯᠡᠯᠴᠡᠭᠡ ᠬᠢᠭᠰᠡᠨ ᠡᠮ ᠤᠨ ᠵᠦᠢᠯ ᠤᠨ ᠬᠠᠩᠭᠠᠯᠭ᠎ᠠ ᠶᠢ ᠦᠨᠡᠨ ᠬᠦ ᠪᠠᠲᠤᠯᠠᠪᠠ᠃ ᠳᠡᠭᠡᠷ᠎ᠡ ᠬᠠᠭᠠᠰ ᠵᠢᠯ ᠳᠤ᠂ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ  36 . 31 ᠲᠦᠮᠡᠨ ᠬᠥᠮᠦᠨ ᠤᠳᠠᠭ᠎ᠠ ᠠᠰᠢᠭ ᠬᠦᠷᠲᠡᠭᠡᠵᠦ᠂ ᠬᠤᠯᠪᠣᠭᠳᠠᠭᠰᠠᠨ ᠡᠮ ᠤᠨ ᠵᠦᠢᠯ ᠤᠨ ᠵᠠᠷᠤᠳᠠᠯ 5 . 24 ᠳ᠋ᠦᠩᠰᠢᠭᠤᠷ ᠲᠥᠭᠦᠷᠢᠭ ᠲᠤ ᠬᠦᠷᠴᠦ᠂ ᠡᠮᠴᠢᠯᠡᠭᠡᠨ ᠤ ᠪᠠᠲᠤᠯᠠᠭ᠎ᠠ ᠠᠴᠠ 3 . 85 ᠳ᠋ᠦᠩᠰᠢᠭᠤᠷ ᠲᠥᠭᠦᠷᠢᠭ ᠳᠥᠯᠥᠪᠡ᠃ ᠬᠤᠶᠠᠷ ᠲᠤ᠂ ᠬᠡᠯᠡᠯᠴᠡᠭᠡ ᠬᠢᠭᠰᠡᠨ ᠡᠮ ᠤᠨ ᠵᠦᠢᠯ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠪᠡ᠃ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ᠂ ᠬᠤᠤᠷᠲᠤ ᠬᠠᠪᠤᠳᠠᠷ᠂ ᠴᠢᠰᠤ ᠴᠠᠶᠢᠬᠤ ᠡᠪᠡᠳᠴᠢᠨ ᠵᠡᠷᠭᠡ ᠡᠪᠡᠳᠴᠢᠨ ᠳᠤ ᠬᠤᠯᠪᠣᠭᠳᠠᠬᠤ ᠬᠡᠯᠡᠯᠴᠡᠭᠡ ᠬᠢᠭᠰᠡᠨ ᠡᠮ ᠤᠨ  ᠵᠦᠢᠯ ᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠤ ᠡᠪᠡᠳᠴᠢᠨ ᠤ ᠬᠠᠮᠢᠶᠠᠷᠤᠯᠲᠠ ᠳᠤ  ᠣᠷᠣᠭᠤᠯᠪᠠ᠃ ᠡᠭᠦᠨ ᠤ ᠬᠠᠮᠲᠤ᠂ ᠡᠭᠦᠳᠡᠨ ᠡᠮᠨᠡᠯᠭᠡ ᠳᠤ ᠣᠨᠴᠠᠭᠠᠶ ᠡᠮ ᠬᠡᠷᠡᠭᠯᠡᠬᠦ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠬᠦᠨᠳᠦ ᠣᠨᠴᠠ ᠶᠡᠭᠡ ᠡᠪᠡᠳᠴᠢᠨ ᠵᠢᠴᠢ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠡᠮᠴᠢᠯᠡᠭᠡᠨ ᠤ ᠠᠴᠢ ᠲᠤᠰᠠ ᠨᠢ ᠣᠨᠣᠪᠴᠢᠲᠠᠶ᠂ ᠡᠮᠨᠡᠨ ᠵᠠᠰᠠᠬᠤ ᠦᠶᠡᠯᠡᠯ ᠨᠢ ᠣᠷᠳᠣ᠂ ᠡᠭᠦᠳᠡᠨ ᠡᠮᠨᠡᠯᠭᠡ ᠪᠤᠶᠤ ᠡᠮ ᠤᠨ ᠳᠡᠯᠭᠡᠭᠦᠷ ᠤᠨ ᠬᠠᠩᠭᠠᠯᠭ᠎ᠠ ᠪᠠᠲᠤᠯᠠᠭ᠎ᠠ ᠳᠤ ᠳᠣᠭᠢᠷᠠᠬᠤ 51 ᠵᠦᠢᠯ ᠤᠨ ᠡᠮ ᠢ ᠡᠭᠦᠳᠡᠨ ᠡᠮᠨᠡᠯᠭᠡ ᠶᠢᠨ ᠣᠨᠴᠠᠭᠠᠶ ᠡᠮ ᠬᠡᠷᠡᠭᠯᠡᠬᠦ ᠬᠠᠮᠢᠶᠠᠷᠤᠯᠲᠠ ᠳᠤ ᠣᠷᠣᠭᠤᠯᠪᠠ᠃ ᠭᠤᠷᠪᠠ ᠳᠤ᠂ ᠬᠡᠯᠡᠯᠴᠡᠭᠡ ᠬᠢᠭᠰᠡᠨ ᠡᠮ ᠤᠨ ᠵᠦᠢᠯ ᠤᠨ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠪᠠ᠃ ᠬᠡᠯᠡᠯᠴᠡᠭᠡ ᠬᠢᠭᠰᠡᠨ ᠡᠮ ᠢ ︽ᠡᠮᠨᠡᠯᠭᠡ ᠳᠤ ᠣᠷᠣᠭᠤᠯᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠳ ᠤᠨ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠬᠤ ᠶᠢᠨ ᠲᠥᠯᠥᠭᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠡᠯᠡᠯᠴᠡᠭᠡ ᠬᠢᠭᠰᠡᠨ ᠡᠮ ᠤᠨ  ᠵᠦᠢᠯ ᠤᠨ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠬᠤᠪᠢᠶᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ ᠬᠡᠯᠡᠯᠴᠡᠭᠡ ᠬᠢᠭᠰᠡᠨ ᠡᠮ ᠤᠨ ᠵᠦᠢᠯ ᠤᠨ ᠡᠭᠦᠳᠡᠨ ᠡᠮᠨᠡᠯᠭᠡ᠂ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠮ ᠤᠨ ᠳᠡᠯᠭᠡᠭᠦᠷ ᠤᠨ ᠬᠠᠩᠭᠠᠯᠭ᠎ᠠ ᠳᠤ ᠲᠣᠬᠢᠷᠠᠭᠰᠠᠨ ᠲᠥᠷᠥᠯ ᠵᠦᠢᠯ ᠢ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠳᠤ ᠣᠷᠣᠭᠤᠯᠤᠭᠰᠠᠨ ᠤ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠨᠢᠭᠡᠳᠦᠯᠲᠡᠶ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ᠬᠠᠷᠢᠯᠴᠠᠨ ᠨᠥᠬᠦᠪᠥᠷᠢᠯᠡᠵᠦ᠂ ᠬᠠᠩᠭᠠᠯᠭ᠎ᠠ ᠪᠠᠲᠤᠯᠠᠭ᠎ᠠ ᠶᠢᠨ ᠬᠠᠮ ᠬᠦᠴᠦᠨ ᠢ  ᠪᠦᠷᠢᠯᠳᠦᠭᠦᠯᠪᠡ᠃      ᠳᠠᠷᠠᠭ᠎ᠠ ᠠᠯᠬᠤᠮ ᠳᠤ᠂ ᠪᠢᠳᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠤᠨ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠵᠠᠷᠴᠢᠮ ᠳᠡᠭᠡᠷ᠎ᠡ ᠪᠠᠨ ᠵᠢᠯ ᠤᠨ ᠡᠴᠦᠰ ᠠᠴᠠ ᠡᠮᠦᠨ᠎ᠡ ᠬᠤᠰᠢᠭᠤ ᠰᠢᠶᠠᠨ ᠲᠣᠭᠤᠷᠢᠭ ᠨᠢᠭᠡ ᠪᠦᠷᠢ ᠨᠥᠬᠦᠴᠡᠯ ᠳᠤ ᠨᠡᠶᠢᠴᠡᠭᠰᠡᠨ ︽ᠬᠤᠤᠰ ᠨᠡᠪᠲᠡᠷᠡᠬᠦ ᠵᠠᠮ︾ ᠤᠨ ᠡᠮ ᠤᠨ ᠳᠡᠯᠭᠡᠭᠦᠷ ᠢ ᠳᠣᠭᠲᠠᠭᠠᠨ᠎ᠠ︔ ᠳᠠᠭᠤᠷᠢᠶᠠᠮᠠᠯ ᠡᠮ ᠤᠨ ᠵᠦᠢᠯ ᠢ ᠰᠦᠯᠵᠢᠶ᠎ᠡ ᠪᠠᠷ ᠬᠤᠳᠠᠯᠳᠤᠨ ᠠᠪᠬᠤ ᠶᠢ ᠵᠣᠷᠢᠭᠵᠢᠭᠤᠯᠵᠤ᠂ ᠡᠮ ᠤᠨ ᠵᠦᠢᠯ ᠤᠨ ᠦᠨ᠎ᠡ ᠬᠠᠩᠰᠢ ᠶᠢ ᠤᠯᠠᠮ ᠨᠢᠭᠡ ᠠᠯᠬᠤᠮ ᠪᠠᠭᠤᠷᠠᠭᠤᠯᠤᠨ᠎ᠠ︔ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠡᠯᠡᠯᠴᠡᠭᠡ ᠬᠢᠭᠰᠡᠨ ᠡᠮ ᠤᠨ ᠵᠦᠢᠯ ᠢ ᠮᠠᠨ ᠤ ᠣᠷᠣᠨ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃                              
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map