ᠡᠯ᠎ᠡ ᠰᠢᠯᠭᠠᠭᠤᠯᠤᠭᠴᠢ ᠳᠤ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ | ᠬᠠᠷᠢᠶ᠎ᠠ ᠣᠨᠳᠣᠤ ᠭᠠᠵᠠᠷ ᠡᠮᠨᠡᠭᠦᠯᠬᠦ ᠶᠢᠨ ᠳ᠋ᠦᠩᠨᠡᠨ ᠪᠤᠳᠤᠬᠤ ᠲᠥᠪ ᠤᠨ ᠥᠷᠢᠰᠦᠯᠳᠦᠭᠡᠨ ᠤ ᠴᠢᠨᠠᠷᠲᠠᠶ ᠠᠵᠢᠯᠲᠠᠨ ᠢ | ᠠᠳᠠᠯᠢᠳᠬᠠᠨ ᠰᠣᠩᠭᠤᠬᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢᠭᠡᠨᠲᠡ ᠨᠡᠶᠢᠲᠡᠯᠡᠵᠦ᠂ ᠰᠢᠯᠭᠠᠭᠤᠯᠤᠭᠴᠢ | ᠥᠪᠡᠷᠲᠡᠭᠡᠨ ᠨᠡᠷ᠎ᠡ ᠮᠡᠳᠡᠭᠦᠯᠬᠦ ᠰᠦᠯᠵᠢᠶ᠎ᠡ ︵www.nmrcks.net ︶ ᠳᠤ ᠨᠡᠪᠲᠡᠷᠡᠵᠦ ᠬᠢᠷᠢ ᠪᠦᠲᠦᠮᠵᠢ ᠪᠠᠨ | ᠪᠠᠶᠢᠴᠠᠭᠠᠨ ᠯᠠᠪᠯᠠᠭᠠᠷᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠨᠳᠣᠤ ᠭᠠᠵᠠᠷ ᠡᠮᠨᠡᠭᠦᠯᠬᠦ ᠶᠢᠨ ᠳ᠋ᠦᠩᠨᠡᠨ ᠪᠤᠳᠤᠬᠤ ᠲᠥᠪ ᠤᠨ ᠥᠷᠢᠰᠥᠯᠳᠦᠭᠡᠨ ᠤ ᠴᠢᠨᠠᠷᠲᠠᠶ | ᠠᠵᠢᠯᠲᠠᠨ ᠢ ᠠᠳᠠᠯᠢᠳᠬᠠᠨ ᠰᠣᠩᠭᠤᠬᠤ ᠵᠠᠷᠯᠠᠯ︾ ᠤᠨ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ | ᠪᠢᠷ ᠤᠨ ᠰᠢᠯᠭᠠᠯᠲᠠ ᠶᠢᠨ ᠬᠠᠮᠤᠭ ᠤᠨ ᠳᠣᠤᠷ᠎ᠠ ᠬᠢᠷᠢ ᠲᠡᠩᠴᠡᠯᠲᠡ ᠶᠢᠨ ᠱᠤᠭᠤᠮ᠂ ᠬᠢᠷᠢ ᠬᠡᠮ ᠤᠨ ᠳᠠᠬᠢᠨ | ᠬᠢᠨᠠᠯᠲᠠ ᠪᠠ ᠨᠢᠭᠤᠷᠲᠠᠨ ᠰᠢᠯᠭᠠᠯᠲᠠ ᠶᠢᠨ ᠬᠤᠯᠪᠤᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠃ | ᠨᠢᠭᠡ᠂ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ ᠲᠡᠩᠴᠡᠯᠲᠡ ᠶᠢᠨ ᠱᠤᠭᠤᠮ | ᠲᠤᠰ ᠤᠳᠠᠭᠠᠨ ᠤ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ ᠲᠡᠩᠴᠡᠯᠲᠡ ᠶᠢᠨ ᠱᠤᠭᠤᠮ 60 | ᠬᠤᠪᠢ ᠪᠣᠯᠣᠨ᠎ᠠ᠃ | ᠬᠤᠶᠠᠷ᠂ ᠬᠢᠷᠢ ᠬᠡᠮ ᠤᠨ ᠳᠠᠬᠢᠨ ᠬᠢᠨᠠᠯᠲᠠ | ︵ᠨᠢᠭᠡ︶ ᠬᠡᠪᠴᠢᠶ᠎ᠡ | ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠠᠮᠤᠭ ᠤᠨ ᠳᠣᠣᠷ᠎ᠠ ᠬᠢᠷᠢ ᠲᠡᠩᠴᠡᠯᠲᠡ ᠶᠢᠨ ᠱᠤᠭᠤᠮ ᠳᠤ | ᠬᠦᠷᠦᠭᠰᠡᠨ ᠰᠢᠯᠭᠠᠭᠤᠯᠤᠭᠴᠢ ᠶᠢᠨ ᠠᠵᠢᠯ ᠤᠨ ᠪᠠᠶᠢᠷᠢ ᠨᠢᠭᠡᠪᠦᠷᠢ ᠶᠢᠨ ᠨᠡᠷ᠎ᠡ ᠮᠡᠳᠡᠭᠦᠯᠦᠭᠴᠢ ᠶᠢᠨ ᠰᠢᠯᠭᠠᠯᠲᠠ ᠶᠢᠨ | ᠬᠢᠷᠢ ᠪᠦᠲᠦᠮᠵᠢ ᠶᠢ ᠳᠡᠭᠡᠷ᠎ᠡ ᠳᠤᠷᠠᠳᠤᠭᠰᠠᠨ ᠥᠨᠳᠥᠷ ᠠᠴᠠ ᠳᠣᠣᠷ᠎ᠠ ᠳᠠᠷᠠᠭᠠᠯᠠᠯ ᠪᠠ ᠲᠣᠰ ᠠᠵᠢᠯ ᠤᠨ ᠪᠠᠶᠢᠷᠢ ᠶᠢᠨ | ᠪᠣᠳᠠᠲᠠᠶ ᠬᠠᠷᠢᠴᠠᠯ ᠢᠶᠠᠷ ᠰᠣᠩᠭᠤᠬᠤ ᠲᠥᠯᠥᠪᠯᠡᠭᠡ ᠶᠢᠨ ᠲᠤᠭ᠎ᠠ ᠶᠢ 3᠄ 1 ᠶᠢᠨ ᠬᠠᠷᠢᠴᠠᠯ ᠢᠶᠠᠷ ᠬᠢᠷᠢ | ᠲᠡᠩᠴᠡᠭᠰᠡᠳ ᠢ ᠲᠣᠭᠲᠠᠭᠠᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠵᠢᠭᠰᠠᠭᠠᠭᠠᠳ 3᠄ 1 ᠠᠴᠠ | ᠬᠡᠲᠦᠷᠡᠭᠰᠡᠨ ᠢ ᠴᠥᠮ ᠬᠢᠷᠢ ᠭᠡᠮ ᠤᠨ ᠳᠠᠬᠢᠨ ᠬᠢᠨᠠᠯᠲᠠ ᠶᠢᠨ ᠬᠡᠪᠴᠢᠶᠡᠨ ᠳᠤ ᠣᠷᠤᠭᠤᠯᠵᠤ᠂ ᠪᠢᠷ ᠤᠨ | ᠰᠢᠯᠭᠠᠯᠲᠠ ᠶᠢᠨ ᠬᠢᠷᠢ ᠪᠦᠲᠦᠮᠵᠢ ᠶᠢᠨ ᠬᠠᠮᠤᠭ ᠤᠨ ᠳᠣᠤᠷ᠎ᠠ ᠬᠢᠷᠢ ᠲᠡᠩᠴᠡᠯᠲᠡ ᠶᠢᠨ ᠱᠤᠭᠤᠮ ᠠᠴᠠ ᠳᠠᠪᠠᠭᠰᠠᠨ | ᠬᠦᠮᠦᠨ ᠤ ᠲᠤᠭ᠎ᠠ ᠨᠢ 3᠄ 1 ᠳᠤ ᠬᠦᠷᠬᠦ ᠦᠭᠡᠢ ᠪᠣᠯ᠂ ᠪᠣᠲᠠᠲᠠᠢ ᠪᠠᠶᠢᠬᠤ ᠬᠦᠮᠦᠨ ᠤ ᠲᠤᠭ᠎ᠠ ᠪᠠᠷ ᠳᠠᠬᠢᠨ | ᠬᠢᠨᠠᠯᠲᠠ ᠶᠢᠨ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ᠬᠢᠷᠢ ᠬᠡᠮ ᠤᠨ ᠳᠠᠬᠢᠨ ᠬᠢᠨᠠᠯᠲᠠ ᠵᠢᠴᠢ ᠳᠠᠷᠠᠭᠠᠯᠠᠨ | ᠨᠥᠬᠦᠪᠦᠷᠢᠯᠡᠭᠰᠡᠨ ᠤ ᠳᠠᠷᠠᠭ᠎ᠠ 3᠄ 1 ᠳᠤ ᠬᠦᠷᠬᠦ ᠦᠭᠡᠢ ᠪᠣᠯ᠂ ᠪᠣᠳᠠᠲᠠᠢ ᠬᠥᠮᠥᠨ ᠤ ᠲᠤᠭ᠎ᠠ ᠪᠠᠷ ᠨᠢᠭᠤᠷᠲᠠᠨ | ᠰᠢᠯᠭᠠᠯᠲᠠ ᠶᠢᠨ ᠬᠡᠪᠴᠢᠶᠡᠨ ᠳᠤ ᠣᠷᠣᠬᠤ ᠬᠥᠮᠥᠰ ᠢ ᠲᠣᠭᠲᠠᠭᠠᠨ᠎ᠠ᠃ | ︵ᠬᠤᠶᠠᠷ︶ ᠴᠠᠭ | 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ 9᠄ 00 — 11᠄ | 00 ᠪᠣᠯᠲᠠᠯ᠎ᠠ᠃ | ︵ᠭᠤᠷᠪᠠ︶ ᠭᠠᠵᠠᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ | 609 ᠥᠷᠥᠭᠡ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 53 ᠨᠣᠮᠧᠷᠲᠤ | 6 ᠳ᠋ᠤᠭᠠᠷ ᠳᠠᠪᠬᠤᠷᠯᠢᠭ︶᠃ | ︵ᠲᠦᠷᠪᠡ︶ ᠬᠡᠷᠡᠭᠯᠡᠬᠦ ᠮᠠᠲ᠋ᠧᠷᠢᠶᠠᠯ | 1. ︽ᠠᠳᠠᠯᠢᠳᠬᠠᠨ ᠰᠣᠩᠭᠤᠭᠰᠠᠨ ᠨᠡᠷ᠎ᠡ ᠮᠡᠳᠡᠭᠦᠯᠬᠦ ᠬᠦᠰᠦᠨᠦᠭᠲᠦ︾ ᠶᠢᠨ ᠤᠭ ᠮᠠᠲ᠋ᠧᠷᠢᠶᠠᠯ | 2. ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠣᠯᠤᠨ ᠬᠠᠭᠤᠯᠪᠤᠷᠢ | 3.ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ᠂ | ᠰᠤᠷᠭᠠᠨ ᠬᠥᠮᠥᠵᠢᠯ ᠤᠨ ᠶᠠᠮᠤᠨ ᠤ ︽ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠳᠠᠩᠰᠠᠯᠠᠭᠤᠯᠤᠭᠰᠠᠨ | ᠡᠯᠧᠺᠲᠷᠣᠨ ᠬᠦᠰᠦᠨᠦᠭᠲᠦ︾ ᠪᠤᠶᠤ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ | ᠰᠤᠷᠤᠯᠭ᠎ᠠ ᠶᠢᠨ ᠨᠠᠮᠲᠠᠷ ᠤᠨ ᠭᠡᠷᠡᠴᠢᠯᠡᠭᠡ ᠶᠢᠨ ᠮᠡᠳᠡᠭᠦᠯᠦᠯᠲᠡ︾ ︵ᠳᠤᠮᠳᠠᠳᠤ ᠤᠯᠤᠰ ᠤᠨ ᠳᠡᠭᠡᠳᠦ ᠵᠡᠷᠭᠡ ᠶᠢᠨ | ᠰᠤᠷᠭᠠᠨ ᠬᠥᠮᠥᠵᠢᠯ ᠤᠨ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ http://www.chsi.com.cn | ᠠᠴᠠ ᠪᠠᠭᠤᠯᠭᠠᠵᠤ ᠳᠠᠷᠤᠮᠠᠯᠯᠠᠨ᠎ᠠ ︶ ᠃ | 4.︽ᠠᠯᠪᠠᠲᠠᠨ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾ ︵︽ᠠᠯᠪᠠᠨ ᠳᠤ | ᠣᠷᠣᠯᠴᠠᠭᠰᠠᠳ ᠢ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾︶ ᠪᠣᠶᠤ ︽ᠢᠯᠡ ᠪᠠᠷ ᠠᠵᠢᠯᠲᠠᠨ | ᠡᠯᠰᠡᠬᠦ ᠳᠠᠩᠰᠠᠯᠠᠯ ᠤᠨ ᠬᠦᠰᠦᠨᠦᠭᠲᠦ︾ ᠵᠡᠷᠭᠡ ᠠᠯᠪᠠᠲᠠᠨ ︵ᠠᠯᠪᠠᠨ ᠳᠤ ᠣᠷᠣᠯᠴᠠᠭᠰᠠᠳ︶ ᠤ ᠡᠩᠨᠡᠭᠡ ᠪᠤᠶᠤ | ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠮᠠᠲ᠋ᠧᠷᠢᠶᠠᠯ ᠤᠨ ᠬᠠᠭᠤᠯᠪᠤᠷᠢ ᠂ ︽ᠠᠯᠪᠠᠲᠠᠨ ᠤ ᠪᠦᠷᠢᠳᠬᠡᠯ ᠤᠨ | ᠬᠦᠰᠦᠨᠦᠭᠲᠦ︾ ︵︽ᠠᠯᠪᠠᠲᠠᠨ ᠤ ᠬᠠᠤᠯᠢ ᠶᠢᠨ ᠬᠠᠮᠢᠶᠠᠷᠤᠯᠲᠠ ᠶᠢᠨ ᠪᠠᠶᠢᠭᠤᠯᠭ᠎ᠠ ︵ᠨᠢᠭᠡᠴᠢ︶ ᠶᠢᠨ ᠠᠵᠢᠯᠲᠠᠨ ᠤ | ᠪᠦᠷᠢᠳᠬᠡᠯ ᠤᠨ ᠬᠦᠰᠦᠨᠦᠭᠲᠦ ᠪᠠᠷ ᠯᠠᠪᠯᠠᠯᠲᠠ ᠪᠣᠯᠭᠠᠬᠤ ᠬᠦᠰᠦᠨᠦᠭᠲᠦ︾︶ ᠶᠢᠨ ᠬᠠᠭᠤᠯᠪᠤᠷᠢ᠃ | 5.ᠪᠠᠶᠢᠭ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠦᠨᠡᠮᠯᠡᠯ ᠤᠨ | ᠲᠡᠷᠢᠭᠦᠨ ᠬᠠᠭᠤᠳᠠᠰᠤ ᠪᠠ ᠲᠤᠰ ᠬᠥᠮᠥᠨ ᠤ ᠨᠢᠭᠤᠷ ᠤᠨ ᠬᠠᠭᠤᠯᠪᠤᠷᠢ᠃ | 6.ᠤᠳᠠᠭ᠎ᠠ ᠪᠦᠷᠢ ᠶᠢᠨ ᠲᠤᠰᠢᠶᠠᠯ ᠤᠨ ᠬᠤᠪᠢᠷᠠᠯᠲᠠ ᠪᠠ ᠰᠢᠯᠵᠢᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ | ᠪᠤᠶᠤ ᠪᠢᠴᠢᠭ ᠮᠠᠲ᠋ᠧᠷᠢᠶᠠᠯ ᠤᠨ ᠬᠠᠭᠤᠯᠪᠤᠷᠢ᠃ | ᠳᠡᠭᠡᠷᠡᠬᠢ 4 — 6 ᠵᠦᠢᠯ ᠤᠨ ᠮᠠᠲ᠋ᠧᠷᠢᠶᠠᠯ ᠤᠨ ᠬᠠᠭᠤᠯᠪᠤᠷᠢ ᠶᠢ ᠬᠠᠭᠤᠳᠠᠰᠤ ᠪᠦᠷᠢ ᠳᠤ ᠡᠷᠬᠡᠪᠰᠢ 0. | ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢᠨ ᠪᠠᠶᠢᠭ᠎ᠠ ᠨᠢᠭᠡᠴᠢ ᠶᠢᠨ ᠵᠣᠬᠢᠶᠠᠨ | ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠲᠠᠮᠠᠭ᠎ᠠ ᠳᠠᠷᠤᠵᠤ᠂ ︽ᠲᠤᠰ ᠬᠠᠭᠤᠯᠪᠤᠷᠢ ᠨᠢ ᠤᠭ | ᠮᠠᠲ᠋ᠧᠷᠢᠶᠠᠯ ᠲᠠᠢ ᠨᠢᠭᠡᠳᠦᠯᠲᠡᠢ︾ ᠭᠡᠵᠦ ᠲᠡᠮᠲᠡᠭᠯᠡᠨ᠎ᠡ᠃ ᠨᠢᠭᠤᠷ ᠤᠨ ᠲᠤᠭ᠎ᠠ ᠨᠢ ᠨᠡᠯᠢᠶᠡᠳ ᠣᠯᠠᠨ ᠨᠢ ᠲᠡᠷᠢᠭᠦᠨ | ᠨᠢᠭᠤᠷ᠂ ᠵᠠᠩᠭᠢᠯᠠᠭ᠎ᠠ ᠶᠢᠨ ᠨᠢᠭᠤᠷ ᠲᠤ ᠲᠡᠮᠲᠡᠭ ᠲᠠᠯᠪᠢᠵᠤ᠂ ᠲᠠᠮᠠᠭ᠎ᠠ ᠳᠠᠷᠤᠬᠤ ᠶᠢᠨ ᠬᠠᠮᠲᠤ ᠠᠭᠤᠯᠵᠠᠷ ᠤᠨ | ᠲᠠᠮᠠᠭ᠎ᠠ ᠳᠠᠷᠤᠨ᠎ᠠ᠃ | 7.ᠣᠶᠢᠷ᠎ᠠ ᠶᠢᠨ ᠬᠤᠭᠤᠴᠠᠭᠠᠨ ᠤ ᠲᠢᠲᠢᠮ ᠦᠭᠡᠢ 2 ᠢᠮᠠᠬᠤ ᠶᠢᠨ ᠪᠤᠳᠤᠭᠲᠤ ᠰᠡᠭᠦᠳᠡᠷ ︵3 ᠬᠠᠭᠤᠳᠠᠰᠤ︶ | | 8.︽ᠠᠳᠠᠯᠢᠳᠬᠠᠨ ᠰᠣᠩᠭᠤᠭᠰᠠᠨ ᠨᠡᠷ᠎ᠡ ᠮᠡᠳᠡᠭᠦᠯᠬᠦ ᠬᠦᠰᠦᠨᠦᠭᠲᠦ︾ ᠳᠤ ᠠᠵᠢᠯᠯᠠᠭᠰᠠᠨ ᠥᠩᠭᠡᠷᠡᠯᠲᠡ ᠪᠠ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ︵ᠬᠤᠯᠪᠤᠭᠳᠠᠯ ᠪᠦᠬᠦᠢ ᠠᠵᠢᠯ ᠤᠨ | ᠥᠩᠭᠡᠷᠡᠯᠲᠡ ᠶᠢ ᠱᠠᠭᠠᠷᠳᠠᠭᠰᠠᠨ ᠪᠠᠶᠢᠪᠠᠯ᠂ ᠡᠷᠬᠡᠪᠰᠢ ᠠᠵᠢᠯ ᠤᠨ ᠥᠩᠭᠡᠷᠡᠯᠲᠡ ᠶᠢᠨ ᠭᠡᠷᠡᠴᠢ ᠶᠢ ᠬᠠᠩᠭᠠᠵᠤ᠂ | ᠠᠵᠢᠯ ᠤᠨ ᠥᠩᠭᠡᠷᠡᠯᠲᠡ ᠶᠢᠨ ᠡᠬᠢᠯᠡᠵᠦ ᠲᠡᠭᠦᠰᠦᠭᠰᠡᠨ ᠴᠠᠭ᠂ ᠭᠡᠷᠡᠴᠢᠯᠡᠭᠴᠢ ᠶᠢᠨ ᠡᠭᠦᠷᠭᠡ ᠲᠤᠰᠢᠶᠠᠯ᠂ | ᠭᠡᠷᠡᠴᠢᠯᠡᠭᠴᠢ ᠶᠢᠨ ᠣᠪᠣᠭ ᠨᠡᠷ᠎ᠡ ᠵᠢᠴᠢ ᠤᠲᠠᠰᠤ ᠶᠢ ᠲᠤᠳᠤᠷᠬᠠᠶᠢᠯᠠᠵᠤ᠂ ᠪᠠᠶᠢᠭᠤᠯᠭ᠎ᠠ ᠨᠢᠭᠡᠴᠢ ᠠᠴᠠ ᠲᠠᠮᠠᠭ᠎ᠠ | ᠳᠠᠷᠤᠨ᠎ᠠ︶ | 9. ᠲᠣᠰ ᠬᠥᠮᠦᠨ ᠤ ᠭᠠᠷ ᠤᠨ ᠥᠰᠥᠭ ᠵᠢᠷᠤᠭᠰᠠᠨ ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ | ᠠᠮᠠᠯᠠᠯᠲᠠ ᠶᠢᠨ ᠪᠢᠴᠢᠭ ︵ᠳᠠᠭᠠᠯᠳᠤᠭᠤᠯᠤᠯ︶ | 10. ᠨᠡᠷ᠎ᠡ ᠮᠡᠳᠡᠭᠦᠯᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠲᠠᠢ ᠬᠤᠯᠪᠣᠭᠳᠠᠬᠤ ᠪᠤᠰᠤᠳ ᠭᠡᠷᠡᠴᠢ | ᠮᠠᠲ᠋ᠧᠷᠢᠶᠠᠯ ︵ᠰᠢᠯᠭᠠᠭᠤᠯᠤᠭᠴᠢ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠭᠡᠷᠡᠴᠢᠯᠡᠬᠦ | ᠮᠠᠲ᠋ᠧᠷᠢᠶᠠᠯ︶ | ︵ᠲᠠᠪᠤ︶ ᠠᠩᠬᠠᠷᠬᠤ ᠵᠦᠢᠯ | 1.ᠬᠢᠷᠢ ᠬᠡᠮ ᠤᠨ ᠳᠠᠬᠢᠨ ᠬᠢᠨᠠᠯᠲᠠ ᠶᠢᠨ ᠰᠢᠯᠭᠠᠭᠤᠯᠤᠭᠴᠢ ᠶᠢᠨ ᠮᠡᠳᠡᠭᠡ ᠵᠠᠩᠭᠢ ᠨᠢ ᠦᠨᠡᠨ ᠪᠣᠳᠠᠲᠠᠶ | ᠣᠨᠣᠪᠴᠢᠲᠠᠶ ᠡᠰᠡᠬᠦ᠂ ᠨᠡᠷ᠎ᠡ ᠮᠡᠳᠡᠭᠦᠯᠦᠭᠰᠡᠨ ᠠᠵᠢᠯ ᠤᠨ ᠪᠠᠶᠢᠷᠢ ᠶᠢᠨ ᠵᠣᠬᠢᠴᠠᠩᠭᠤᠶ ᠬᠢᠷᠢ ᠬᠡᠮ ᠤᠨ ᠨᠥᠬᠦᠴᠡᠯ ᠳᠤ | ᠨᠡᠶᠢᠴᠡᠬᠦ ᠡᠰᠡᠬᠦ ᠶᠢ ᠭᠤᠣᠯᠳᠠᠯᠭ᠎ᠠ ᠲᠠᠢ ᠬᠢᠨᠠᠨ ᠬᠠᠷᠭᠤᠭᠤᠯᠤᠨ᠎ᠠ᠃ ᠮᠡᠳᠡᠭᠦᠯᠦᠨ ᠰᠢᠯᠭᠠᠭᠤᠯᠬᠤ ᠨᠥᠬᠦᠴᠡᠯ ᠳᠤ | ᠨᠡᠶᠢᠴᠡᠬᠦ ᠦᠭᠡᠶ᠂ ᠬᠤᠪᠢ ᠬᠥᠮᠦᠨ ᠤ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠨᠢ ᠦᠨᠡᠮᠯᠡᠯ ᠲᠠᠢ ᠨᠢᠭᠡᠳᠦᠯᠲᠡᠢ | ᠪᠣᠰᠣ ᠵᠢᠴᠢ ᠴᠢᠬᠤᠯᠠ ᠮᠡᠳᠡᠭᠡ ᠵᠠᠩᠭᠢ ᠪᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ | ᠬᠠᠩᠭᠠᠪᠠᠯ᠂ ᠨᠢᠭᠤᠷᠳᠠᠨ ᠰᠢᠯᠭᠠᠬᠤ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃ | 2. ᠰᠢᠯᠭᠠᠭᠤᠯᠤᠭᠴᠢ ᠮᠠᠲ᠋ᠧᠷᠢᠶᠠᠯ ᠢᠶᠠᠨ ᠤᠷᠢᠳᠴᠢᠯᠠᠨ ᠪᠡᠯᠡᠳᠬᠡᠬᠦ ᠶᠢᠨ ᠬᠠᠮᠲᠤ ᠮᠠᠲ᠋ᠧᠷᠢᠶᠠᠯ ᠢᠶᠠᠨ ᠳᠡᠭᠡᠷ᠎ᠡ | ᠳᠤᠷᠠᠳᠤᠭᠰᠠᠨ ᠳᠡᠰ ᠳᠠᠷᠠᠭᠠᠯᠠᠯ ᠢᠶᠠᠷ ᠡᠮᠬᠢᠯᠡᠵᠦ ᠲᠠᠯᠪᠢᠬᠤ ᠬᠡᠷᠡᠭᠲᠡᠢ᠃ ᠬᠡᠷᠪᠡ ᠬᠢᠷᠢ ᠬᠡᠮ ᠤᠨ ᠳᠠᠬᠢᠨ ᠬᠢᠨᠠᠯᠲᠠ ᠳᠤ | ᠣᠷᠣᠯᠴᠠᠬᠤ ᠦᠶ᠎ᠡ ᠳᠤ ᠮᠠᠲ᠋ᠧᠷᠢᠶᠠᠯ ᠨᠢ ᠪᠦᠷᠢᠨ ᠪᠤᠰᠤ ᠠᠴᠠ ᠪᠣᠯᠵᠣ ᠬᠢᠨᠠᠨ ᠬᠠᠷᠭᠤᠭᠤᠯᠭ᠎ᠠ ᠳᠤ ᠪᠠᠲᠤᠯᠠᠭᠳᠠᠭᠰᠠᠨ | ᠥᠬᠡᠶ ᠪᠠᠶᠢᠪᠠᠯ᠂ ᠬᠠᠷᠢᠭᠤᠴᠠᠯᠭ᠎ᠠ ᠶᠢ ᠰᠢᠯᠭᠠᠭᠤᠯᠤᠭᠴᠢ ᠡᠭᠦᠷᠭᠡᠯᠡᠨ᠎ᠡ᠃ ᠮᠠᠲ᠋ᠧᠷᠢᠶᠠᠯ ᠪᠡᠯᠡᠳᠭᠡᠬᠦ ᠬᠤᠯᠪᠤᠭᠳᠠᠯ | ᠪᠥᠬᠦᠶ ᠤᠴᠢᠷ ᠶᠠᠪᠤᠳᠠᠯ ᠢ ᠤᠲᠠᠰᠤ ᠪᠠᠷ ᠤᠷᠢᠳᠴᠢᠯᠠᠨ ᠠᠰᠠᠭᠤᠨ ᠯᠠᠪᠯᠠᠵᠤ ᠪᠣᠯᠤᠨ᠎ᠠ᠃ | 3. ᠬᠢᠷᠢ ᠬᠡᠮ ᠤᠨ ᠳᠠᠬᠢᠨ ᠬᠢᠨᠠᠯᠲᠠ ᠶᠢᠨ ᠬᠤᠭᠤᠴᠠᠭᠠᠨ ᠳᠤ᠂ ᠰᠢᠯᠭᠠᠭᠤᠯᠤᠭᠴᠢ ᠡᠷᠬᠡᠪᠰᠢ ᠴᠢᠮᠡᠭᠡ | ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠰᠢᠯᠭᠠᠭᠤᠯᠤᠭᠴᠢ ᠶᠢᠨ ᠬᠤᠪᠢ ᠬᠥᠮᠦᠨ ᠤ | ᠰᠢᠯᠲᠠᠭᠠᠨ ᠠᠴᠠ ᠪᠣᠯᠵᠣ ᠬᠠᠷᠢᠯᠴᠠᠵᠤ ᠳᠡᠶᠢᠯᠦᠭᠰᠡᠨ ᠥᠬᠡᠶ ᠪᠤᠶᠤ ᠲᠣᠭᠲᠠᠭᠰᠠᠨ ᠴᠠᠭ ᠤᠨ ᠳᠣᠲᠣᠷ᠎ᠠ ᠬᠢᠷᠢ | ᠬᠡᠮ ᠤᠨ ᠳᠠᠬᠢᠨ ᠬᠢᠨᠠᠯᠲᠠ ᠶᠢᠨ ᠮᠠᠲ᠋ᠧᠷᠢᠶᠠᠯ ᠢᠶᠠᠨ ᠲᠤᠰᠢᠶᠠᠭᠰᠠᠨ ᠥᠬᠡᠶ ᠪᠠᠶᠢᠪᠠᠯ᠂ ᠥᠪᠡᠷᠲᠡᠭᠡᠨ ᠬᠠᠶᠠᠭᠰᠠᠨ ᠢᠶᠠᠷ | ᠦᠵᠡᠵᠦ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃ | 4. ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠥᠬᠡᠶ᠂ ᠲᠣᠭᠲᠠᠭᠰᠠᠨ ᠴᠠᠭ ᠤᠨ ᠳᠣᠲᠣᠷ᠎ᠠ | ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠭᠰᠠᠨ ᠥᠬᠡᠶ ᠰᠢᠯᠭᠠᠭᠤᠯᠤᠭᠴᠢ ᠶᠢ ᠨᠢᠭᠤᠷᠲᠠᠨ ᠰᠢᠯᠭᠠᠬᠤ ᠬᠢᠷᠢ | ᠬᠡᠮ ᠢ ᠨᠢ ᠬᠦᠴᠦᠨ ᠥᠬᠡᠶ ᠪᠣᠯᠭᠠᠬᠤ ᠶᠢᠨ ᠬᠠᠮᠲᠤ ᠲᠣᠰ ᠠᠵᠢᠯ ᠤᠨ ᠪᠠᠶᠢᠷᠢ ᠶᠢᠨ ᠪᠢᠷ ᠤᠨ ᠰᠢᠯᠭᠠᠯᠲᠠ ᠶᠢᠨ ᠬᠢᠷᠢ | ᠪᠦᠲᠦᠮᠵᠢ ᠶᠢ ᠥᠨᠳᠥᠷ ᠠᠴᠠ ᠳᠣᠤᠷ᠎ᠠ ᠳᠠᠷᠠᠭᠠᠯᠠᠯ ᠢᠶᠠᠷ ᠳᠠᠷᠠᠭᠠᠯᠠᠨ ᠨᠥᠬᠦᠪᠥᠷᠢᠯᠡᠨ᠎ᠡ᠃ ᠳᠠᠷᠠᠭᠠᠯᠠᠨ | ᠨᠥᠬᠦᠪᠥᠷᠢᠯᠡᠬᠦ ᠳᠤ ᠤᠲᠠᠰᠤᠳᠠᠬᠤ ᠬᠡᠯᠪᠡᠷᠢ ᠪᠠᠷ ᠮᠡᠳᠡᠭᠳᠡᠵᠦ᠂ ᠰᠢᠯᠭᠠᠭᠤᠯᠤᠭᠴᠢ ᠴᠢᠮᠡᠭᠡ ᠨᠡᠪᠲᠡᠷᠡᠯᠭᠡ ᠶᠢᠨ ᠰᠠᠭᠠᠳ | ᠥᠬᠡᠶ ᠨᠡᠪᠲᠡᠷᠡᠬᠦ ᠪᠠᠨ ᠪᠠᠲᠤᠯᠠᠬᠤ ᠬᠡᠷᠡᠭᠲᠡᠢ᠂ ᠬᠡᠷᠪᠡ ᠤᠲᠠᠰᠤ ᠰᠠᠭᠠᠳ ᠲᠠᠢ ᠠᠴᠠ ᠪᠣᠯᠵᠣ ᠳᠠᠷᠠᠭᠠᠯᠠᠨ | ᠨᠥᠬᠦᠪᠥᠷᠢᠯᠡᠬᠦ ᠲᠣᠬᠢᠶᠠᠯ ᠢ ᠠᠯᠳᠠᠭᠰᠠᠨ ᠪᠠᠶᠢᠪᠠᠯ᠂ ᠰᠢᠯᠭᠠᠭᠤᠯᠤᠭᠴᠢ ᠰᠠᠶᠢᠨ ᠳᠤᠷ᠎ᠠ ᠠᠴᠠ ᠪᠠᠨ ᠲᠠᠶᠠᠭᠳᠠᠭᠰᠠᠨ ᠢᠶᠠᠷ | ᠦᠵᠡᠨ᠎ᠡ᠃ | 5. ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢ ᠶᠢ ᠠᠵᠢᠯᠲᠠᠨ ᠲᠤᠬᠠᠶ ᠶᠢᠨ | ᠲᠠᠯᠠᠪᠤᠷ ᠲᠤ ︽ᠨᠢᠭᠤᠷᠲᠠᠨ ᠰᠢᠯᠭᠠᠯᠲᠠ ᠶᠢᠨ ᠮᠡᠳᠡᠭᠳᠡᠯ ᠤᠨ ᠪᠢᠴᠢᠭ︾ ᠢ ᠲᠠᠷᠬᠠᠭᠠᠵᠤ᠂ ᠰᠢᠯᠭᠠᠭᠤᠯᠤᠭᠴᠢ ᠶᠢᠨ | ᠨᠢᠭᠤᠷᠲᠠᠨ ᠰᠢᠯᠭᠠᠯᠲᠠ ᠳᠤ ᠣᠷᠣᠯᠴᠠᠬᠤ ᠭᠡᠷᠡᠴᠢ ᠪᠠᠷᠢᠮᠲᠠ ᠪᠣᠯᠭᠠᠨ᠎ᠠ᠃ | ᠭᠤᠷᠪᠠ᠂ ᠨᠢᠭᠤᠷᠳᠠᠨ ᠰᠢᠯᠭᠠᠯᠲᠠ | ︵ᠨᠢᠭᠡ︶ ᠴᠠᠭ᠂ ᠭᠠᠵᠠᠷ | ᠨᠢᠭᠤᠷᠳᠠᠨ ᠰᠢᠯᠭᠠᠯᠲᠠ ᠶᠢᠨ ᠭᠠᠵᠠᠷ ᠢ ᠬᠥᠬᠡᠬᠤᠲᠠ ᠳᠤ ᠲᠣᠬᠢᠷᠠᠭᠤᠯᠵᠤ᠂ ᠪᠣᠳᠠᠲᠠᠶ ᠴᠠᠭ᠂ ᠭᠠᠵᠠᠷ ᠨᠢ ᠬᠢᠷᠢ | ᠬᠡᠮ ᠢ ᠳᠠᠬᠢᠨ ᠬᠢᠨᠠᠭᠰᠠᠨ ᠤ ᠳᠠᠷᠠᠭ᠎ᠠ ᠠᠰᠲᠠᠭᠠᠨ ᠮᠡᠳᠡᠭᠳᠡᠵᠦ᠂ ᠰᠢᠯᠭᠠᠭᠤᠯᠤᠭᠴᠢ ᠡᠷᠬᠡᠪᠰᠢ ︽ᠨᠢᠭᠤᠷᠲᠠᠨ | ᠰᠢᠯᠭᠠᠯᠲᠠ ᠶᠢᠨ ᠮᠡᠳᠡᠭᠳᠡᠯ ᠤᠨ ᠪᠢᠴᠢᠭ︾ ᠤᠨ ᠱᠠᠭᠠᠷᠳᠠᠯᠭ᠎ᠠ ᠶᠣᠰᠣᠭᠠᠷ᠂ ᠮᠠᠲ᠋ᠧᠷᠢᠶᠠᠯ ᠢᠶᠠᠨ ᠠᠪᠴᠤ ᠴᠠᠭ | ᠲᠤᠬᠠᠶ ᠳᠤ ᠨᠢ ᠣᠷᠣᠯᠴᠠᠵᠤ᠂ ᠲᠣᠭᠲᠠᠭᠰᠠᠨ ᠴᠠᠭ ᠲᠤ ᠪᠠᠨ ᠨᠢᠭᠤᠷᠲᠠᠨ ᠰᠢᠯᠭᠠᠯᠲᠠ ᠳᠤ ᠣᠷᠣᠯᠴᠠᠵᠤ ᠳᠡᠶᠢᠯᠬᠦ | ᠥᠬᠡᠶ ᠪᠣᠯ ᠥᠪᠡᠷᠲᠡᠭᠡᠨ ᠲᠠᠶᠠᠭᠳᠠᠭᠰᠠᠨ ᠢᠶᠠᠷ ᠦᠵᠡᠨ᠎ᠡ᠃ | ︵ᠬᠤᠶᠠᠷ︶ ᠨᠢᠭᠤᠷᠳᠠᠨ ᠰᠢᠯᠭᠠᠯᠲᠠ ᠶᠢᠨ ᠬᠡᠯᠪᠡᠷᠢ | ᠨᠢᠭᠤᠷᠳᠠᠨ ᠰᠢᠯᠭᠠᠯᠲᠠ ᠳᠤ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠠᠷᠢᠭᠤᠯᠲᠠ | ᠥᠭᠴᠦ᠂ ᠨᠢᠭᠤᠷᠳᠠᠨ ᠰᠢᠯᠭᠠᠯᠲᠠ ᠶᠢᠨ ᠪᠦᠷᠢᠨ ᠬᠤᠪᠢ ᠨᠢ 100 ᠬᠤᠪᠢ ᠪᠣᠯᠣᠨ᠎ᠠ᠃ | ᠪᠦᠲᠦᠴᠡᠴᠢᠯᠡᠭᠰᠡᠨ ᠨᠢᠭᠤᠷᠳᠠᠨ ᠰᠢᠯᠭᠠᠯᠲᠠ ᠶᠢᠨ ᠬᠡᠯᠪᠡᠷᠢ ᠶᠢ ᠬᠡᠷᠡᠭᠯᠡᠨ᠎ᠡ᠃ ᠨᠢᠭᠤᠷᠲᠠᠨ ᠰᠢᠯᠭᠠᠯᠲᠠ ᠳᠤ | ᠭᠤᠣᠯᠳᠠᠭᠤ ᠨᠢᠭᠤᠷᠳᠠᠨ ᠰᠢᠯᠭᠠᠭᠤᠯᠤᠭᠴᠢ ᠶᠢᠨ ᠤᠯᠤᠰ ᠲᠥᠷᠥ ᠶᠢᠨ ᠬᠡᠪ ᠴᠢᠨᠠᠷ᠂ ᠲᠤᠰᠬᠠᠶ ᠮᠡᠷᠭᠡᠵᠢᠯ ᠤᠨ ᠬᠡᠪ | ᠪᠣᠯᠪᠠᠰᠤᠷᠠᠯ᠂ ᠶᠡᠷᠦᠩᠬᠡᠶᠢᠯᠡᠭᠰᠡᠨ ᠵᠠᠳᠠᠯᠤᠯᠲᠠ᠂ ᠬᠡᠯᠡᠨ ᠤ ᠢᠯᠡᠳᠬᠡᠯ ᠪᠠ ᠠᠵᠢᠯ ᠤᠨ ᠪᠠᠶᠢᠷᠢ ᠶᠢᠨ ᠵᠣᠬᠢᠴᠠᠯᠳᠤᠯ ᠤᠨ | ᠬᠡᠮᠵᠢᠶ᠎ᠡ ᠶᠢ ᠰᠢᠯᠭᠠᠨ᠎ᠠ᠃ | ᠳᠥᠷᠪᠡ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠤᠲᠠᠰᠤ | ᠠᠰᠠᠭᠤᠨ ᠯᠠᠪᠯᠠᠬᠤ ᠤᠲᠠᠰᠤ᠄ 6906231 6606283 | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 6606227 | ᠳᠠᠭᠠᠯᠳᠤᠭᠤᠯᠤᠯ᠄ ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2024 ᠣᠨ ᠤ 3 ᠳ᠋ᠤᠭᠠᠷ ᠰᠠᠷ᠎ᠠ ᠶᠢᠨ 25 ᠤ ᠡᠳᠦᠷ | | |