ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠢᠲᠠᠳ ᠡᠮ ᠡᠮᠨᠡᠯᠭᠡ ᠶᠢᠨ | ᠲᠣᠪᠴᠢᠶ᠎ᠠ ᠲᠠᠢ ᠬᠠᠮᠲᠤᠷᠠᠨ ︽2024 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ | ᠭᠡᠨᠡᠳᠡᠭᠦᠯᠦᠨ ᠪᠠᠶᠢᠴᠠᠭᠠᠯᠲᠠ ᠶᠢᠨ ᠠᠵᠢᠯ ᠤᠨ ᠲᠥᠰᠦᠯ︾ ︵︽ᠠᠵᠢᠯ ᠤᠨ ᠲᠥᠰᠦᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ ᠬᠡᠪᠴᠢᠶᠡᠨ ᠳᠤ 2024 ᠣᠨ ᠤ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦ ᠶᠢᠨ ᠭᠡᠨᠡᠳᠡᠭᠦᠯᠦᠨ ᠪᠠᠶᠢᠴᠠᠭᠠᠯᠲᠠ ︵ᠭᠡᠨᠡᠳᠡᠭᠦᠯᠦᠨ ᠪᠠᠶᠢᠴᠠᠭᠠᠯᠲᠠ ᠭᠡᠵᠦ ᠲᠣᠪᠴᠢᠯᠠᠨ᠎ᠠ︶ ᠶᠢᠨ | ᠠᠵᠢᠯ ᠢ ᠡᠬᠢᠯᠡᠭᠦᠯᠪᠡ᠃ ᠡᠳᠦᠭᠡ ᠬᠠᠮᠢᠶ᠎ᠠ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠶᠠᠭᠤ ᠶᠢ ᠭᠡᠨᠡᠳᠡᠭᠦᠯᠦᠨ ᠪᠠᠶᠢᠴᠠᠭᠠᠯᠲᠠ ᠭᠡᠬᠦ ᠪᠣᠶ︖ | ᠭᠡᠨᠡᠳᠡᠭᠦᠯᠦᠨ ᠪᠠᠶᠢᠴᠠᠭᠠᠯᠲᠠ ᠭᠡᠳᠡᠭ ᠨᠢ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠵᠡᠷᠭᠡ ᠳᠤ | ᠥᠷᠨᠢᠭᠦᠯᠦᠭᠰᠡᠨ ᠤᠷᠢᠳᠴᠢᠯᠠᠨ ᠮᠡᠳᠡᠭᠳᠡᠬᠦ ᠦᠭᠡᠢ ᠪᠠᠷ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠵᠤ | ᠪᠠᠶᠢᠴᠠᠭᠠᠬᠤ ᠶᠢ ᠵᠢᠭᠠᠵᠤ ᠪᠣᠶ᠃ ᠭᠡᠨᠡᠳᠡᠭᠦᠯᠦᠨ ᠪᠠᠶᠢᠴᠠᠭᠠᠯᠲᠠ ᠳᠤ ᠭᠤᠷᠪᠠᠨ ᠲᠠᠯ᠎ᠠ ᠶᠢᠨ ᠣᠨᠴᠠᠯᠢᠭ ᠲᠠᠢ᠄ | ᠨᠢᠭᠡ ᠳᠤ ︽ᠳᠡᠭᠡᠳᠦ ᠱᠠᠲᠤ ᠨᠢ ᠳᠣᠣᠷᠠᠳᠤ ᠱᠠᠲᠤ ᠪᠠᠨ ᠪᠠᠶᠢᠴᠠᠭᠠᠵᠤ᠂ ᠰᠣᠯᠪᠢᠴᠠᠭᠤᠯᠤᠨ ᠬᠠᠷᠢᠯᠴᠠᠨ | ᠪᠠᠶᠢᠴᠠᠭᠠᠬᠤ︾᠃ ᠪᠠᠶᠢᠴᠠᠭᠠᠭᠳᠠᠬᠤ ᠣᠷᠣᠨ ᠨᠤᠲᠤᠭ ᠤᠨ ᠳᠡᠭᠡᠷ᠎ᠡ ᠨᠢᠭᠡ ᠱᠠᠲᠤᠨ ᠤ ᠡᠮᠴᠢᠯᠡᠭᠡᠨ ᠤ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ᠂ ᠳᠣᠤᠷ᠎ᠠ ᠨᠢᠭᠡ ᠱᠠᠲᠤᠨ ᠶᠢ | ᠪᠠᠶᠢᠴᠠᠭᠠᠬᠤ᠂ ᠠᠳᠠᠯᠢ ᠪᠤᠰᠤ ᠵᠠᠰᠠᠭ ᠵᠠᠬᠢᠷᠭᠠᠨ ᠤ ᠣᠷᠣᠨ ᠰᠣᠯᠪᠢᠴᠠᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ᠂ | ᠪᠠᠶᠢᠴᠠᠭᠠᠯᠲᠠ ᠶᠢ ᠨᠡᠩ ᠪᠤᠰᠤᠳᠴᠢ ᠪᠥᠭᠡᠳ ᠲᠥᠪ ᠭᠤᠤᠯᠴᠢ ᠪᠣᠯᠭᠠᠪᠠ᠃ ᠬᠤᠶᠠᠷ ᠲᠤ ᠲᠤᠰᠬᠠᠶᠢᠵᠢᠭᠰᠠᠨ | ᠬᠡᠮᠵᠢᠶ᠎ᠡ ᠨᠡᠯᠢᠶᠡᠳ ᠥᠨᠳᠥᠷ᠃ ᠭᠡᠨᠡᠳᠡᠭᠦᠯᠦᠨ ᠪᠠᠶᠢᠴᠠᠭᠠᠯᠲᠠ ᠶᠢ ᠡᠮᠴᠢᠯᠡᠭᠡᠨ ᠤ ᠪᠠᠲᠤᠯᠠᠭ᠎ᠠ᠂ ᠡᠳ᠋ ᠤᠨ ᠵᠠᠰᠠᠭ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠲᠠᠳ ᠡᠮ ᠡᠮᠨᠡᠯᠭᠡ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠵᠣᠬᠢᠶᠠᠨ | ᠪᠠᠶᠢᠭᠤᠯᠵᠤ᠂ ᠡᠭᠦᠨ ᠤ ᠬᠠᠮᠲᠤ ᠡᠮᠴᠢᠯᠡᠭᠡᠨ ᠤ ᠳᠠᠭᠠᠳᠬᠠᠯ᠂ ᠡᠮᠴᠢᠯᠡᠭᠡ᠂ ᠡᠮ ᠡᠮᠨᠡᠯᠭᠡ᠂ ᠡᠳ᠋ ᠤᠨ ᠶᠠᠪᠤᠳᠠᠯ᠂ | ᠮᠡᠳᠡᠭᠡ ᠵᠠᠩᠭᠢ ᠵᠡᠷᠭᠡ ᠣᠯᠠᠨ ᠵᠤᠷᠪᠤᠰ ᠱᠤᠭᠤᠮ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ︽ᠨᠡᠪᠲᠡᠯᠬᠦ | ᠮᠠᠶ᠋ᠢᠭ︾᠂ ︽ᠭᠦᠨᠵᠡᠭᠡᠶᠢᠷᠡᠬᠦ ᠮᠠᠶ᠋ᠢᠭ︾ ᠤᠨ ᠬᠡᠮᠵᠢᠶ᠎ᠡ ᠨᠠᠩ ᠥᠨᠳᠥᠷ ᠪᠣᠯᠪᠠ᠃ ᠭᠤᠷᠪᠠ ᠳᠤ ᠪᠠᠶᠢᠴᠠᠭᠠᠯᠲᠠ ᠨᠢ | ᠬᠡᠪᠴᠢᠶᠡᠵᠢᠭᠰᠡᠨ ᠲᠥᠪᠯᠡᠷᠡᠭᠰᠡᠨ ᠪᠠᠶᠢᠳᠠᠭ᠃ ᠭᠡᠨᠡᠳᠡᠭᠦᠯᠦᠨ ᠪᠠᠶᠢᠴᠠᠭᠠᠬᠤ ᠳᠤᠭᠤᠶᠢᠯᠠᠩ ᠤᠨ ᠳᠣᠲᠣᠭᠠᠳᠤ ᠳᠤ | ᠲᠥᠷᠥ ᠶᠢᠨ ᠪᠣᠳᠣᠯᠭ᠎ᠠ᠂ ᠡᠮᠴᠢᠯᠡᠭᠡ᠂ ᠡᠳ᠋ ᠤᠨ ᠶᠠᠪᠤᠳᠠᠯ᠂ ᠮᠡᠳᠡᠭᠡ ᠵᠠᠩᠭᠢ ᠵᠡᠷᠭᠡ ᠠᠵᠢᠯ ᠤᠨ ᠳᠤᠭᠤᠶᠢᠯᠠᠩ | ᠬᠤᠪᠢᠶᠠᠵᠤ᠂ ᠡᠯ᠎ᠡ ᠳᠤᠭᠤᠶᠢᠯᠠᠩ ᠤᠨ ᠬᠤᠭᠤᠷᠣᠨᠳᠣ ᠲᠣᠰ ᠲᠣᠰ ᠤᠨ ᠠᠵᠢᠯ ᠤᠨ ᠬᠤᠪᠢᠶᠠᠷᠢᠯᠠᠯ ᠲᠠᠢ ᠮᠥᠷᠲᠡᠭᠡᠨ | ᠨᠢᠭᠲᠠ ᠬᠠᠮᠵᠢᠯᠴᠠᠨ᠂ ᠬᠡᠰᠡᠭᠴᠢᠯᠡᠭᠰᠡᠨ᠂ ᠬᠡᠪᠴᠢᠶᠡᠵᠢᠭᠰᠡᠨ᠂ ᠲᠥᠪᠯᠡᠷᠡᠭᠦᠯᠦᠨ ᠪᠠᠶᠢᠴᠠᠭᠠᠬᠤ ᠶᠢ ᠪᠡᠶᠡᠯᠡᠭᠦᠯᠵᠦ᠂ | ᠠᠵᠢᠯ ᠤᠨ ᠦᠷ᠎ᠡ ᠪᠦᠲᠦᠮᠵᠢ ᠶᠢ ᠨᠠᠩ ᠥᠨᠳᠥᠷ ᠪᠣᠯᠭᠠᠪᠠ᠃ | 2019 ᠣᠨ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠡᠨᠡᠳᠡᠭᠦᠯᠦᠨ | ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢ᠂ 5 ᠵᠢᠯ ᠤᠨ ᠳᠣᠲᠣᠷ᠎ᠠ | ᠵᠠᠯᠭᠠᠭ᠎ᠠ ᠪᠠᠷ 200 ᠭᠠᠷᠤᠶ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠦᠬᠦ ᠤᠯᠤᠰ ᠤᠨ | ᠬᠡᠪᠴᠢᠶᠡᠨ ᠳᠤ 500 ᠰᠢᠬᠠᠮ ᠡᠮ ᠡᠮᠨᠡᠯᠭᠡ ᠶᠢᠨ ᠪᠠᠶᠢᠭᠤᠯᠤᠮᠵᠢ ᠶᠢ ᠰᠤᠭᠤᠴᠢᠨ ᠪᠠᠶᠢᠴᠠᠭᠠᠪᠠ᠃ ᠡᠯ᠎ᠡ | ᠮᠤᠵᠢ ᠶᠢᠨ ᠬᠢᠨ ᠮᠤᠵᠢ ᠶᠢᠨ ᠲᠡᠰ ᠤᠨ ᠭᠡᠨᠡᠳᠡᠭᠦᠯᠦᠨ ᠪᠠᠶᠢᠴᠠᠭᠠᠬᠤ ᠠᠵᠢᠯ ᠤᠨ ᠲᠣᠭᠲᠠᠴᠠ ᠶᠢ ᠵᠠᠯᠭᠠᠭ᠎ᠠ ᠪᠠᠷ | ᠳᠠᠭᠤᠷᠢᠶᠠᠨ ᠪᠠᠶᠢᠭᠤᠯᠵᠤ᠂ 2022 ᠣᠨ ᠠᠴᠠ ᠨᠠᠭᠠᠰᠢ ᠨᠢᠭᠡᠨᠲᠡ ᠴᠡᠭ ᠲᠣᠭᠲᠠᠭᠠᠭᠰᠠᠨ ᠡᠮ ᠡᠮᠨᠡᠯᠭᠡ ᠶᠢᠨ | ᠪᠠᠶᠢᠭᠤᠯᠤᠮᠵᠢ ᠶᠢ 5000 ᠭᠠᠷᠤᠢ ᠰᠤᠭᠤᠴᠢᠨ ᠪᠠᠶᠢᠴᠠᠭᠠᠪᠠ᠃ ᠶᠡᠷᠦᠩᠬᠡᠶ ᠳᠤᠨᠢ ᠠᠪᠴᠤ ᠦᠵᠡᠪᠡᠯ᠂ ᠤᠯᠤᠰ ᠪᠠ | ᠮᠤᠵᠢ ᠶᠢᠨ ᠱᠠᠲᠤᠨ ᠤ ᠭᠡᠨᠡᠳᠡᠭᠦᠯᠦᠨ ᠪᠠᠶᠢᠴᠠᠭᠠᠯᠲᠠ ᠨᠢ ᠨᠢᠭᠡᠨᠲᠡ 80 ᠭᠠᠷᠤᠶ ᠳ᠋ᠦᠩᠰᠢᠭᠤᠷ ᠲᠥᠭᠦᠷᠢᠭ ᠤᠨ | ᠡᠮᠴᠢᠯᠡᠭᠡᠨ ᠤ ᠳᠠᠭᠠᠳᠬᠠᠯ ᠤᠨ ᠬᠤᠯᠪᠣᠭᠳᠠᠯ ᠪᠥᠬᠦᠶ ᠪᠠᠯᠠ ᠮᠥᠩᠭᠦ ᠶᠢ ᠨᠡᠬᠡᠮᠵᠢᠯᠡᠨ ᠠᠪᠴᠢᠷᠠᠵᠤ᠂ ᠳᠠᠭᠠᠳᠬᠠᠯ ᠤᠨ | ᠮᠡᠬᠡᠯᠡᠯ ᠳᠤ ᠴᠣᠬᠢᠯᠲᠠ ᠥᠭᠬᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠵᠤ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠤᠬᠢᠷᠠᠯ ᠢ ᠡᠭᠡᠭᠦᠯᠦᠨ ᠠᠪᠴᠢᠷᠠᠵᠤ᠂ ᠥᠨᠳᠥᠷ | ᠳᠠᠷᠤᠯᠲᠠ ᠪᠠᠷ ᠰᠦᠷᠳᠡᠭᠦᠯᠬᠦ ᠶᠢ ᠴᠢᠩᠭᠠᠳᠬᠠᠬᠤ ᠢᠳᠡᠪᠬᠢᠲᠡᠶ ᠦᠢᠯᠡᠳᠦᠯ ᠭᠠᠷᠭᠠᠵᠤ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ︽ᠬᠤᠷᠴᠠ ᠰᠡᠯᠡᠮ᠎ᠡ︾ ᠪᠣᠯᠤᠭᠰᠠᠨ | ᠪᠠᠶᠢᠨ᠎ᠠ᠃ | ᠬᠤᠶᠠᠷ᠂ ᠥᠩᠭᠡᠷᠡᠭᠰᠡᠨ ᠤ ᠭᠡᠨᠡᠳᠡᠭᠦᠯᠦᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠭᠤᠤᠯ | ᠠᠰᠠᠭᠤᠳᠠᠯ ᠨᠢ ᠶᠠᠭᠤ ᠪᠣᠶ︖ | ᠣᠶᠢᠷ᠎ᠠ ᠶᠢᠨ ᠵᠢᠯ ᠤᠨ ᠭᠡᠨᠡᠳᠡᠭᠦᠯᠦᠨ ᠪᠠᠶᠢᠴᠠᠭᠠᠯᠲᠠ ᠶᠢᠨ ᠪᠠᠶᠢᠳᠠᠯ ᠠᠴᠠ ᠦᠵᠡᠪᠡᠯ᠂ ᠴᠡᠭ ᠲᠣᠭᠲᠠᠭᠠᠭᠰᠠᠨ | ᠡᠮ ᠡᠮᠨᠡᠯᠭᠡ ᠶᠢᠨ ᠪᠠᠶᠢᠭᠤᠯᠤᠮᠵᠢ ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠬᠡᠷᠡᠭᠯᠡᠭᠰᠡᠨ ᠭᠤᠣᠯᠳᠠᠭᠤ ᠬᠡᠳᠦᠨ ᠵᠦᠢᠯ ᠤᠨ ᠪᠠᠶᠢᠳᠠᠯ ᠪᠠᠶᠢᠨ᠎ᠠ᠄ | ᠨᠢᠭᠡ ᠳᠤ ᠳᠠᠪᠬᠤᠷᠳᠠᠭᠤᠯᠤᠨ ᠰᠦᠢᠳᠭᠡᠯ ᠬᠤᠷᠢᠶᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠭᠡᠯ | ᠬᠤᠷᠢᠶᠠᠬᠤ᠂ ᠲᠦᠷᠦᠯ ᠵᠦᠢᠯ ᠢ ᠵᠠᠳᠠᠯᠵᠤ ᠰᠦᠢᠳᠭᠡᠯ ᠬᠤᠷᠢᠶᠠᠬᠤ ᠨᠢ ᠪᠠᠷᠤᠭ ᠪᠦᠬᠦ ᠬᠠᠤᠯᠢ ᠲᠣᠭᠲᠠᠭᠠᠯ ᠠᠴᠠ | ᠵᠦᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦ ᠶᠢ ᠬᠡᠷᠡᠭᠯᠡᠭᠰᠡᠨ ᠠᠰᠠᠭᠤᠳᠠᠯ ᠤᠨ 36% ᠶᠢ | ᠡᠵᠡᠯᠡᠪᠡ︔ | ᠬᠤᠶᠠᠷ ᠲᠤ ᠡᠮ ᠤᠨ ᠵᠦᠢᠯᠡᠰ ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ | ᠲᠥᠷᠥᠯ ᠵᠦᠢᠯ ᠪᠠ ᠦᠢᠯᠡᠴᠢᠯᠡᠭᠡᠨ ᠤ ᠲᠥᠬᠦᠭᠡᠷᠡᠮᠵᠢ ᠶᠢ ᠰᠣᠯᠢᠬᠤ ᠠᠰᠠᠭᠤᠳᠠᠯ ᠪᠠᠷᠤᠭ 17% ᠶᠢ ᠡᠵᠡᠯᠡᠪᠡ᠃ | ᠭᠤᠷᠪᠠ ᠳᠤ ᠣᠨᠣᠰᠢᠯᠠᠨ ᠡᠮᠨᠡᠬᠦ ᠵᠢᠷᠤᠮᠵᠢᠯ ᠢ ᠵᠥᠷᠢᠴᠡᠨ ᠬᠡᠲᠦ ᠣᠨᠣᠰᠢᠯᠠᠨ ᠡᠮᠨᠡᠬᠦ᠂ ᠬᠡᠲᠦ ᠪᠠᠶᠢᠴᠠᠭᠠᠯᠲᠠ | ᠬᠢᠵᠦ᠂ ᠪᠤᠰᠤᠳ ᠴᠢᠬᠤᠯᠠ ᠪᠤᠰᠤ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠠᠰᠠᠭᠤᠳᠠᠯ ᠪᠠᠷᠤᠭ 14% ᠶᠢ | ᠡᠵᠡᠯᠡᠪᠡ᠃ | ᠳᠦᠷᠪᠡ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠦᠯᠦᠬᠦ ᠬᠡᠪᠴᠢᠶᠡᠨ ᠳᠤ ᠦᠯᠦ | ᠬᠠᠷᠢᠶᠠᠯᠠᠭᠳᠠᠬᠤ ᠡᠮ ᠡᠮᠨᠡᠯᠭᠡ ᠶᠢᠨ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳ᠋ᠦᠩᠨᠡᠨ | ᠪᠣᠳᠤᠯᠲᠠ ᠳᠤ ᠣᠷᠣᠭᠤᠯᠬᠤ ᠠᠰᠠᠭᠤᠳᠠᠯ ᠪᠠᠷᠤᠭ 14% ᠶᠢ ᠡᠵᠡᠯᠡᠪᠡ᠃ | ᠡᠭᠦᠨ ᠠᠴᠠ ᠭᠠᠳᠠᠨ᠎ᠠ ᠪᠠᠰᠠ ᠡᠮᠨᠡᠯᠭᠡ ᠳᠤ ᠰᠠᠭᠤᠬᠤ ᠶᠢ ᠵᠠᠳᠠᠯᠬᠤ᠂ ᠣᠷᠣ ᠬᠤᠭᠤᠰᠤᠨ ᠲᠠᠯᠪᠢᠵᠤ | ᠡᠮᠨᠡᠯᠭᠡ ᠳᠤ ᠰᠠᠭᠤᠬᠤ᠂ ᠡᠳ᠋ ᠤᠨ ᠶᠠᠪᠤᠳᠠᠯ ᠤᠨ ᠲᠠᠩᠰᠠ᠂ ᠨᠢᠭᠲᠠᠯᠠᠨ ᠪᠣᠳᠣᠯᠲᠠ ᠶᠢᠨ ᠭᠡᠷᠡᠴᠢ ᠪᠠᠷᠢᠮᠲᠠ᠂ ᠵᠣᠷ᠂ | ᠡᠪᠡᠳᠴᠢᠨ ᠤ ᠲᠡᠤᠬᠡ᠂ ᠡᠮᠨᠡᠨ ᠵᠠᠰᠠᠭᠰᠠᠨ ᠪᠠᠶᠢᠴᠠᠭᠠᠯᠲᠠ ᠶᠢᠨ ᠲᠡᠮᠳᠡᠭᠯᠡᠯ᠂ ᠵᠠᠷᠤᠳᠠᠯ ᠤᠨ ᠨᠠᠷᠢᠨ ᠵᠦᠢᠯᠡᠰ᠂ | ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠥᠮᠥᠷᠭᠡ ᠳᠤ ᠭᠠᠷᠭᠠᠭᠰᠠᠨ | ᠲᠡᠮᠳᠡᠭᠯᠡᠯ ᠤᠨ ᠮᠠᠲ᠋ᠧᠷᠢᠶᠠᠯ ᠢ ᠲᠣᠭᠲᠠᠭᠠᠯ ᠶᠣᠰᠣᠭᠠᠷ ᠬᠠᠳᠠᠭᠠᠯᠠᠵᠤ ᠬᠠᠮᠢᠶᠠᠷᠤᠭᠰᠠᠨ ᠦᠭᠡᠢ ᠵᠡᠷᠭᠡ ᠠᠰᠠᠭᠤᠳᠠᠯ | ᠣᠷᠣᠰᠢᠵᠤ ᠪᠠᠶᠢᠨ᠎ᠠ︔ ᠴᠥᠭᠡᠨ ᠲᠣᠭᠠᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠪᠠᠰᠠ | ᠬᠤᠳᠠᠯ ᠬᠠᠭᠤᠷᠮᠠᠭ ᠣᠨᠣᠰᠢᠯᠠᠨ ᠡᠮᠨᠡᠬᠦ᠂ ᠬᠤᠳᠠᠯ ᠬᠠᠭᠤᠷᠮᠠᠭ ᠢᠶᠠᠷ ᠡᠮ ᠬᠤᠳᠠᠯᠳᠤᠨ ᠠᠪᠬᠤ ᠵᠡᠷᠭᠡ ᠠᠰᠠᠭᠤᠳᠠᠯ | ᠣᠷᠣᠰᠢᠵᠤ ᠪᠠᠶᠢᠨ᠎ᠠ᠃ | ᠭᠤᠷᠪᠠ᠂ 2024 ᠣᠨ ᠤ ᠪᠠᠶᠢᠴᠠᠭᠠᠯᠲᠠ ᠶᠢᠨ ᠭᠠᠵᠠᠷ ᠣᠷᠣᠨ ᠪᠠ ᠪᠠᠶᠢᠭᠤᠯᠤᠮᠵᠢ ᠳᠤ ᠶᠠᠮᠠᠷ ᠶᠠᠮᠠᠷ | ᠬᠤᠪᠢᠷᠠᠯᠲᠠ ᠭᠠᠷᠤᠭᠰᠠᠨ ᠪᠣᠶ︖ | 2024 ᠣᠨ ᠳᠤ᠂ ᠤᠯᠤᠰ ᠠᠴᠠ ᠭᠡᠨᠡᠳᠡᠭᠦᠯᠦᠨ ᠪᠠᠶᠢᠴᠠᠭᠠᠯᠲᠠ ᠶᠢᠨ ᠭᠠᠵᠠᠷ ᠣᠷᠣᠨ ᠪᠠ ᠪᠠᠶᠢᠭᠤᠯᠤᠮᠵᠢ ᠶᠢ | ᠬᠠᠮᠤᠷᠬᠤ ᠲᠠᠯ᠎ᠠ ᠪᠠᠷ᠂ ᠳᠣᠤᠷᠠᠬᠢ ᠵᠠᠷᠴᠢᠮ ᠢ ᠪᠠᠷᠢᠮᠲᠠᠯᠠᠨ᠎ᠠ᠄ ᠨᠢᠭᠡ ᠳᠤ ᠭᠠᠵᠠᠷ ᠣᠷᠣᠨ ᠢ ᠥᠷᠭᠡᠨ ᠢᠶᠠᠷ | ᠬᠠᠮᠤᠷᠬᠤ ᠶᠢ ᠪᠠᠷᠢᠮᠲᠠᠯᠠᠨ᠎ᠠ᠃ ᠭᠡᠨᠡᠳᠡᠭᠦᠯᠦᠨ ᠪᠠᠶᠢᠴᠠᠭᠠᠯᠲᠠ ᠶᠢ ᠪᠦᠬᠦ ᠤᠯᠤᠰ ᠤᠨ ᠡᠯ᠎ᠡ ᠮᠤᠵᠢ ᠶᠢ ᠪᠦᠬᠦᠨ ᠢ | ᠬᠠᠮᠤᠷᠬᠤ ᠶᠢ ᠪᠡᠶᠡᠯᠡᠭᠦᠯᠬᠦ ᠶᠢᠨ ᠬᠠᠮᠲᠤ ᠰᠤᠭᠤᠴᠢᠨ ᠪᠠᠶᠢᠴᠠᠭᠠᠬᠤ ᠬᠤᠲᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ | ᠨᠡᠮᠡᠭᠳᠡᠭᠦᠯᠦᠨ᠎ᠡ᠃ ᠵᠠᠷᠴᠢᠮ ᠳᠡᠭᠡᠷ᠎ᠡ ᠪᠠᠨ ᠮᠤᠵᠢ ᠨᠢᠭᠡᠪᠦᠷᠢ ᠶᠢᠨ ᠰᠤᠭᠤᠴᠢᠨ ᠪᠠᠶᠢᠴᠠᠭᠠᠬᠤ ᠬᠤᠲᠠ ᠶᠢᠨ ᠲᠤᠭ᠎ᠠ ᠨᠢ | ᠥᠩᠭᠡᠷᠡᠭᠰᠡᠨ ᠤ ᠵᠢᠯ ᠪᠦᠷᠢ 1 ᠪᠠᠶᠢᠭᠰᠠᠨ ᠠᠴᠠ ᠪᠠᠨ ᠨᠡᠮᠡᠭᠳᠡᠭᠡᠳ 2 ᠪᠣᠯᠵᠤ᠂ ᠡᠭᠦᠨ ᠤ ᠳᠣᠲᠣᠷ᠎ᠠ ᠡᠯ᠎ᠡ | ᠮᠤᠵᠢ ᠶᠢᠨ ᠲᠥᠪ ᠬᠤᠲᠠ ᠶᠢ ᠵᠠᠪᠠᠯ ᠪᠠᠶᠢᠴᠠᠭᠠᠨ᠎ᠠ᠃ ᠬᠤᠶᠠᠷ ᠲᠤ ᠪᠠᠶᠢᠭᠤᠯᠤᠮᠵᠢ ᠶᠢᠨ ᠲᠥᠷᠥᠯ ᠬᠡᠯᠪᠡᠷᠢ ᠪᠦᠬᠦᠨ ᠢ | ᠬᠠᠮᠤᠷᠬᠤ ᠶᠢ ᠪᠠᠷᠢᠮᠲᠠᠯᠠᠨ᠎ᠠ᠃ ᠮᠤᠵᠢ ᠪᠦᠷᠢ ᠲᠣᠭᠲᠠᠭᠰᠠᠨ ᠲᠣᠭᠠᠨ ᠤ ᠠᠯᠪᠠᠨ ᠠᠴᠠ ᠪᠠᠶᠢᠭᠤᠯᠤᠭᠰᠠᠨ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ᠂ ᠠᠷᠠᠳ ᠠᠴᠠ ᠡᠵᠡᠩᠨᠡᠭᠰᠡᠨ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠪᠣᠯᠤᠨ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠬᠠᠮᠲᠤ ᠳᠤᠨᠢ | ᠪᠠᠶᠢᠴᠠᠭᠠᠨ᠎ᠠ᠃ ᠭᠤᠷᠪᠠ ᠳᠤ ᠠᠩᠬ᠎ᠠ ᠤᠳᠠᠭ᠎ᠠ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠪᠡ᠃ ᠡᠨᠡ ᠵᠢᠯ | ᠥᠩᠭᠡᠷᠡᠭᠰᠡᠨ ᠵᠢᠯ ᠤᠳ ᠲᠤ ᠨᠢᠭᠡᠨᠲᠡ ᠭᠡᠨᠡᠳᠡᠭᠦᠯᠦᠨ ᠪᠠᠶᠢᠴᠠᠭᠠᠯᠲᠠ ᠬᠢᠭᠰᠡᠨ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠳᠣᠲᠣᠷ᠎ᠠ ᠠᠴᠠ ᠵᠣᠬᠢᠬᠤ ᠬᠠᠷᠢᠴᠠᠯ ᠢ ᠭᠠᠷᠭᠠᠨ ᠠᠪᠴᠤ ︽ᠡᠷᠭᠢᠵᠦ ᠬᠠᠷᠠᠨ᠎ᠠ︾᠃ ᠡᠨᠡ ᠬᠦ | ᠠᠷᠭ᠎ᠠ ᠬᠡᠮᠵᠢᠶ᠎ᠡ ᠶᠢᠨ ᠭᠤᠣᠯ ᠪᠣᠳᠣᠯᠬᠢᠯᠠᠯ ᠨᠢ ᠪᠣᠯ ᠨᠢᠭᠡᠨᠲᠡ ᠪᠠᠶᠢᠴᠠᠭᠠᠵᠤ ᠥᠩᠭᠡᠷᠡᠭᠰᠡᠨ ᠪᠠᠶᠢᠭᠤᠯᠤᠮᠵᠢ ᠨᠢ | ᠬᠡᠳᠦᠨ ᠵᠢᠯ ᠤᠨ ᠳᠣᠲᠣᠷ᠎ᠠ ᠳᠠᠬᠢᠵᠤ ᠪᠠᠶᠢᠴᠠᠭᠠᠬᠤ ᠦᠭᠡᠢ ᠭᠡᠵᠦ ᠦᠵᠡᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠵᠢᠷᠤᠮᠵᠢᠭᠤᠯᠤᠨ ᠬᠡᠷᠡᠭᠯᠡᠬᠦ ᠲᠠᠯ᠎ᠠ ᠪᠠᠷ ᠬᠤᠶᠢᠷᠭᠤᠰᠢᠬᠤ ᠦᠵᠡᠯ ᠰᠠᠨᠠᠭ᠎ᠠ ᠪᠣᠢ ᠪᠣᠯᠬᠤ ᠠᠴᠠ | ᠵᠠᠶᠢᠯᠠᠰᠬᠢᠵᠤ᠂ ᠴᠡᠭ ᠲᠣᠭᠲᠠᠭᠠᠭᠰᠠᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠳᠣᠲᠣᠭᠠᠳᠤ ᠶᠢᠨ | ᠬᠠᠮᠢᠶᠠᠷᠤᠯᠲᠠ ᠪᠠᠨ ᠴᠢᠩᠭᠠᠳᠬᠠᠬᠤ᠂ ᠰᠠᠭᠤᠷᠢ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠬᠤ ᠪᠠᠷ ᠰᠠᠨᠠᠭᠠᠴᠢᠯᠠᠭᠠᠲᠤ | ᠤᠬᠠᠮᠰᠠᠷ ᠪᠠ ᠤᠬᠠᠮᠰᠠᠷᠲᠤ ᠠᠵᠢᠯᠯᠠᠭ᠎ᠠ ᠪᠣᠯᠭᠠᠨ᠎ᠠ᠃ | ᠳᠥᠷᠪᠡ᠂ 2024 ᠣᠨ ᠤ ᠭᠡᠨᠡᠳᠡᠭᠦᠯᠦᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠭᠤᠯᠭ᠎ᠠ ᠨᠢ ᠶᠠᠭᠤ | ᠶᠠᠭᠤ ᠪᠣᠶ︖ | 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2023 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯᠠᠬᠢ ᠬᠤᠭᠤᠴᠠᠭᠠᠨ ᠳᠠᠬᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ᠂ | ᠬᠠᠮᠢᠶᠠᠷᠤᠯᠲᠠ ᠵᠢᠴᠢ ᠬᠠᠮᠢᠶ᠎ᠠ ᠪᠦᠬᠦᠢ ᠳᠣᠲᠣᠭᠠᠳᠤ ᠶᠢᠨ ᠡᠵᠡᠮᠳᠡᠯ ᠤᠨ ᠲᠦᠷᠢᠮ ᠤᠨ ᠪᠠᠶᠢᠭᠤᠯᠤᠯᠲᠠ᠂ | ᠬᠡᠷᠡᠭᠵᠢᠭᠦᠯᠦᠯᠲᠡ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠴᠢᠬᠤᠯᠠ ᠲᠠᠢ ᠦᠶ᠎ᠡ ᠳᠤ ᠥᠩᠭᠡᠷᠡᠭᠰᠡᠨ | ᠵᠢᠯ ᠢ ᠮᠥᠷᠳᠡᠨ ᠪᠠᠶᠢᠴᠠᠭᠠᠬᠤ ᠪᠤᠶᠤ 2024 ᠣᠨ ᠪᠣᠯᠲᠠᠯ᠎ᠠ ᠤᠷᠲᠤᠳᠬᠠᠨ ᠪᠠᠶᠢᠴᠠᠭᠠᠨ᠎ᠠ᠃ | ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠢᠭᠯᠡᠭᠦᠯᠵᠦ᠂ ᠲᠠᠪᠤᠨ ᠲᠠᠯ᠎ᠠ ᠪᠠᠷ ᠪᠠᠶᠢᠴᠠᠭᠠᠨ | ᠰᠢᠢᠳᠪᠦᠷᠢᠯᠡᠨ᠎ᠡ᠄ ᠨᠢᠭᠡ ᠳᠤ ᠬᠦᠨᠳᠦ ᠡᠪᠡᠳᠴᠢᠨ ᠤ ᠠᠨᠠᠭᠠᠬᠤ ᠤᠬᠠᠭᠠᠨ᠂ ᠮᠢᠨᠴᠦᠭᠦᠷᠡᠭᠦᠯᠬᠦ᠂ ᠠᠭᠤᠰᠬᠢᠨ | ᠬᠡᠰᠡᠭ ᠤᠨ ᠬᠠᠪᠤᠳᠠᠷ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠲᠣᠭᠲᠠᠭᠠᠯ ᠠᠴᠠ | ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠵᠦ᠂ ᠳᠠᠭᠠᠳᠬᠠᠯ ᠢ ᠮᠡᠬᠡᠯᠡᠨ ᠠᠪᠬᠤ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃ | ᠬᠤᠶᠠᠷ ᠲᠤ ᠵᠢᠷᠦᠬᠡ ᠴᠢᠰᠤᠨ ᠰᠤᠳᠠᠯ ᠤᠨ ᠳᠣᠲᠣᠷ ᠰᠠᠯᠠᠭ᠎ᠠ᠂ ᠶᠠᠰᠤᠨ ᠤ ᠰᠠᠯᠠᠭ᠎ᠠ᠂ ᠴᠢᠰᠤ ᠴᠡᠪᠡᠷᠰᠢᠭᠦᠯᠬᠦ᠂ | ᠡᠷᠡᠭᠦᠯᠵᠢᠬᠦ᠂ ᠠᠨᠠᠭᠠᠬᠤ ᠤᠬᠠᠭᠠᠨ ᠤ ᠵᠢᠷᠤᠭ ᠳᠦᠷᠰᠦ᠂ ᠡᠮᠴᠢᠯᠡᠭᠡᠨ ᠤ ᠰᠢᠯᠭᠠᠨ ᠪᠠᠶᠢᠴᠠᠭᠠᠯᠲᠠ ᠵᠡᠷᠭᠡ | ᠥᠩᠭᠡᠷᠡᠭᠰᠡᠨ ᠵᠢᠯ ᠳᠤ ᠨᠢᠭᠡᠨᠲᠡ ᠭᠤᠤᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠥᠪᠡᠰᠦᠪᠡᠨ ᠪᠠᠶᠢᠴᠠᠭᠠᠵᠤ | ᠥᠪᠡᠰᠦᠪᠡᠨ ᠵᠠᠯᠠᠷᠠᠭᠤᠯᠤᠭᠰᠠᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠭᠠᠷᠳᠠᠯᠭ᠎ᠠ ᠶᠣᠰᠣᠭᠠᠷ | ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠡᠰᠡᠬᠦ ᠶᠢ ᠪᠠᠶᠢᠴᠠᠭᠠᠨ᠎ᠠ᠃ ᠭᠤᠷᠪᠠ ᠳᠤ ︽ᠡᠷᠭᠢᠨ | ᠬᠠᠷᠠᠬᠤ︾ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠢᠭᠯᠡᠭᠦᠯᠦᠨ᠂ ᠤᠤᠯ ᠤᠨ ᠵᠢᠯ ᠤᠨ | ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠮᠥᠨ ᠬᠦ ᠣᠷᠣᠰᠢᠵᠤ ᠪᠠᠶᠢᠬᠤ ᠡᠰᠡᠬᠦ᠂ ᠴᠡᠭᠴᠡᠯᠡᠨ | ᠰᠠᠶᠢᠵᠢᠷᠠᠭᠤᠯᠤᠭᠰᠠᠨ ᠡᠰᠡᠬᠦ ᠶᠢ ᠭᠤᠤᠯᠳᠠᠯᠭ᠎ᠠ ᠲᠠᠢ ᠠᠩᠬᠠᠷᠤᠨ᠎ᠠ᠃ ᠳᠥᠷᠪᠡ ᠳᠤ ᠡᠮ ᠤᠨ ᠵᠦᠢᠯ ᠤᠨ ᠬᠤᠷᠣᠭᠳᠠᠯ | ᠮᠠᠲ᠋ᠧᠷᠢᠶᠠᠯ ᠢ ᠰᠦᠯᠵᠢᠶ᠎ᠡ ᠪᠠᠷ ᠬᠤᠳᠠᠯᠳᠤᠨ ᠠᠪᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠮᠤᠵᠢ ᠶᠢᠨ ᠱᠠᠲᠤᠨ ᠤ | ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠠᠴᠠ ᠪᠥᠬᠦ ᠬᠡᠷᠡᠭᠰᠡᠬᠦ ᠡᠮ ᠤᠨ ᠵᠦᠢᠯ ᠤᠨ ᠬᠤᠷᠣᠭᠳᠠᠯ | ᠮᠠᠲ᠋ᠧᠷᠢᠶᠠᠯ ᠢ ᠬᠤᠳᠠᠯᠳᠤᠨ ᠠᠪᠤᠭᠰᠠᠨ ᠡᠰᠡᠬᠦ ᠶᠢ ᠭᠤᠤᠯᠳᠠᠯᠭ᠎ᠠ ᠲᠠᠢ ᠠᠩᠬᠠᠷᠤᠨ᠎ᠠ᠃ ᠲᠠᠪᠤ ᠳᠤ ᠮᠤᠵᠢ ᠠᠯᠤᠰᠯᠠᠨ | ᠣᠨᠳᠣᠤ ᠭᠠᠵᠠᠷ ᠲᠤ ᠡᠪᠡᠳᠴᠢᠨ ᠦᠵᠡᠭᠦᠯᠦᠭᠰᠡᠨ ᠡᠪᠡᠳᠴᠢᠲᠡᠨ ᠳᠤ ᠴᠢᠭᠯᠡᠭᠦᠯᠦᠨ᠂ ᠬᠠᠤᠯᠢ ᠲᠣᠭᠲᠠᠭᠠᠯ ᠠᠴᠠ | ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠦᠢᠯᠡ ᠠᠵᠢᠯᠯᠠᠭ᠎ᠠ ᠣᠷᠣᠰᠢᠵᠤ | ᠪᠠᠶᠢᠬᠤ ᠡᠰᠡᠬᠦ ᠶᠢ ᠪᠠᠶᠢᠴᠠᠭᠠᠨ᠎ᠠ᠃ | ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠴᠢᠭᠯᠡᠭᠦᠯᠦᠨ᠂ ᠭᠤᠷᠪᠠᠨ ᠲᠠᠯ᠎ᠠ ᠶᠢ | ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠄ ᠨᠢᠭᠡ ᠳᠤ ᠬᠤᠳᠠᠯ ᠬᠠᠭᠤᠷᠮᠠᠭ ᠢᠶᠠᠷ ᠡᠮ ᠬᠤᠳᠠᠯᠳᠤᠨ ᠠᠪᠬᠤ᠃ | ᠵᠣᠷ ᠪᠤᠶᠤ ᠵᠠᠷᠤᠳᠠᠯ ᠤᠨ ᠨᠠᠷᠢᠨ ᠬᠠᠭᠤᠳᠠᠰᠤ ᠶᠢ ᠬᠠᠭᠤᠷᠮᠠᠭ ᠵᠣᠬᠢᠶᠠᠬᠤ᠂ ᠡᠮᠴᠢᠯᠡᠭᠡᠨ ᠤ ᠳᠠᠭᠠᠳᠭᠠᠯ ᠤᠨ ᠺᠠᠷᠲ | ᠪᠤᠶᠤ ᠡᠮᠴᠢᠯᠡᠭᠡᠨ ᠤ ᠳᠠᠭᠠᠳᠭᠠᠯ ᠤᠨ ᠡᠯᠧᠺᠲᠷᠣᠨ ᠭᠡᠷᠡᠴᠢ ᠪᠠᠷᠢᠮᠲᠠ ᠶᠢ ᠬᠤᠭᠤᠰᠤᠨ ᠪᠣᠳᠣᠬᠤ ᠪᠤᠶᠤ | ᠬᠤᠯᠠᠭᠠᠶᠢᠯᠠᠨ ᠪᠣᠳᠣᠬᠤ᠃ ᠬᠤᠶᠠᠷ ᠲᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠢ ᠰᠠᠷᠢᠭᠠᠯᠠᠬᠤ ᠳᠤ | ᠣᠷᠣᠯᠴᠠᠬᠤ᠃ ᠭᠤᠷᠪᠠ ᠳᠤ ᠡᠮ ᠤᠨ ᠵᠦᠢᠯ ᠢ ᠰᠣᠯᠢᠬᠤ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ | ᠲᠣᠭᠠᠴᠠᠭ᠎ᠠ ᠬᠢᠵᠦ ᠥᠭᠬᠦ ᠦᠭᠡᠢ ᠡᠮ ᠤᠨ ᠵᠦᠢᠯ ᠪᠤᠶᠤ ᠪᠤᠰᠤᠳ ᠲᠠᠸᠠᠷ ᠢ ᠡᠮᠴᠢᠯᠡᠭᠡᠨ ᠤ ᠳᠠᠭᠠᠳᠬᠠᠯ ᠤᠨ | ᠡᠮ ᠤᠨ ᠵᠦᠢᠯ ᠪᠣᠯᠭᠠᠨ ᠰᠣᠯᠢᠵᠤ ᠡᠮᠴᠢᠯᠡᠭᠡᠨ ᠤ ᠳᠠᠭᠠᠳᠬᠠᠯ ᠢᠶᠠᠷ ᠳ᠋ᠦᠩᠨᠡᠨ ᠪᠣᠳᠣᠵᠤ᠂ ᠡᠮᠴᠢᠯᠡᠭᠡᠨ ᠤ | ᠳᠠᠭᠠᠳᠬᠠᠯ ᠤᠨ ᠡᠮ ᠤᠨ ᠵᠦᠢᠯ ᠢ ︽ᠣᠷᠣᠭᠤᠯᠬᠤ᠂ ᠪᠣᠷᠣᠯᠠᠭᠤᠯᠬᠤ᠂ ᠬᠠᠳᠠᠭᠠᠯᠠᠬᠤ︾ ᠫᠢᠶᠣᠣ ᠪᠠᠷᠢᠮᠲᠠ ᠪᠠ | ᠳᠠᠩᠰᠠ ᠶᠢ ᠬᠠᠭᠤᠷᠮᠠᠭᠯᠠᠨ ᠵᠣᠬᠢᠶᠠᠵᠤ᠂ ᠬᠤᠪᠢᠷᠠᠭᠤᠯᠤᠨ ᠵᠣᠬᠢᠶᠠᠬᠤ᠃ | ᠲᠠᠪᠤ᠂ ᠭᠡᠨᠡᠳᠡᠭᠦᠯᠦᠨ ᠪᠠᠶᠢᠴᠠᠭᠠᠯᠲᠠ ᠶᠢ ᠬᠡᠷᠬᠢᠨ ᠵᠣᠬᠢᠶᠠᠨ ᠪᠠᠶᠢᠭᠤᠯᠬᠤ ᠪᠤᠢ︖ ᠠᠯᠢ ᠬᠡᠳᠦᠨ | ᠭᠤᠭᠴᠤᠭ᠎ᠠ ᠶᠢ ᠪᠠᠭᠲᠠᠭᠠᠭᠰᠠᠨ ᠪᠤᠢ︖ | ᠤᠯᠤᠰ ᠤᠨ ᠭᠡᠨᠡᠳᠡᠭᠦᠯᠦᠨ ᠪᠠᠶᠢᠴᠠᠭᠠᠯᠲᠠ ᠶᠢ ︽ᠤᠯᠤᠰ ᠠᠴᠠ ᠵᠣᠬᠢᠶᠠᠨ ᠪᠠᠶᠢᠭᠤᠯᠵᠤ᠂ ᠡᠯ᠎ᠡ ᠮᠤᠵᠢ | ᠰᠣᠯᠪᠢᠴᠠᠨ᠂ ᠬᠠᠷᠢᠶ᠎ᠠ ᠭᠠᠵᠠᠷ ᠨᠢ ᠬᠠᠮᠵᠢᠯᠴᠠᠬᠤ︾ ᠵᠠᠭᠪᠤᠷ ᠢᠶᠠᠷ ᠥᠷᠨᠢᠭᠦᠯᠦᠨ᠎ᠡ᠃ ᠤᠯᠤᠰ ᠤᠨ ᠳᠡᠰ | ᠳᠠᠪᠬᠤᠷᠭ᠎ᠠ ᠠᠴᠠ ᠪᠠᠶᠢᠴᠠᠭᠠᠬᠤ ᠲᠥᠰᠦᠯ ᠲᠣᠭᠲᠠᠭᠠᠬᠤ ᠶᠢ ᠬᠠᠷᠢᠭᠤᠴᠠᠵᠤ᠂ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠵᠤ᠂ ᠪᠠᠶᠢᠴᠠᠭᠠᠬᠤ ᠪᠦᠬᠦ ᠶᠠᠪᠤᠴᠠ ᠶᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠂ ︽ | ᠳᠡᠭᠡᠳᠦ ᠱᠠᠲᠤ ᠠᠴᠠ ᠳᠣᠤᠷᠠᠳᠤ ᠱᠠᠲᠤ ᠪᠠᠨ ᠪᠠᠶᠢᠴᠠᠭᠠᠬᠤ︾ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠠᠳᠠᠯᠢ | ᠪᠤᠰᠤ ᠮᠤᠵᠢ ᠶᠢᠨ ᠬᠤᠭᠤᠷᠣᠨᠳᠣ ᠲᠠᠰᠢᠷᠠᠮ ᠢᠶᠠᠷ ᠳᠤᠭᠤᠶᠢᠯᠠᠩ ᠲᠣᠬᠢᠷᠠᠭᠤᠯᠬᠤ ᠠᠷᠭ᠎ᠠ ᠪᠠᠷ ᠰᠣᠯᠢᠪᠴᠠᠭᠤᠯᠤᠨ | ᠪᠠᠶᠢᠴᠠᠭᠠᠯᠲᠠ ᠬᠢᠨ᠎ᠡ᠃ ᠪᠠᠶᠢᠴᠠᠭᠠᠯᠲᠠ ᠳᠤ ᠣᠷᠣᠯᠴᠠᠭᠰᠠᠨ ᠮᠤᠵᠢ ᠨᠢ ᠪᠠᠶᠢᠴᠠᠭᠠᠬᠤ ᠬᠦᠴᠦᠨ ᠢ ᠵᠣᠬᠢᠶᠠᠨ | ᠪᠠᠶᠢᠭᠤᠯᠵᠤ᠂ ᠲᠤᠬᠠᠶ ᠶᠢᠨ ᠲᠠᠯᠠᠪᠤᠷ ᠲᠤᠨᠢ ᠪᠠᠶᠢᠴᠠᠭᠠᠯᠲᠠ ᠬᠢᠬᠦ ᠶᠢ ᠬᠡᠷᠡᠭᠵᠢᠭᠦᠯᠬᠦ ᠶᠢ ᠬᠠᠷᠢᠭᠤᠴᠠᠨ᠎ᠠ︔ | ᠪᠠᠶᠢᠴᠠᠭᠠᠭᠳᠠᠬᠤ ᠮᠣᠵᠢ ᠨᠢ ᠪᠠᠶᠢᠴᠠᠭᠠᠬᠤ ᠶᠢ ᠪᠡᠯᠡᠳᠬᠡᠬᠦ᠂ ᠵᠣᠬᠢᠶᠠᠨ ᠪᠠᠶᠢᠭᠤᠯᠬᠤ᠂ ᠬᠡᠷᠡᠭᠵᠢᠭᠦᠯᠬᠦ ᠶᠢ | ᠬᠠᠷᠢᠭᠤᠴᠠᠵᠤ᠂ ᠲᠤᠬᠠᠶ ᠶᠢᠨ ᠲᠠᠯᠠᠪᠤᠷ ᠲᠤ ᠪᠠᠶᠢᠴᠠᠭᠠᠬᠤ ᠠᠴᠠ ᠡᠮᠦᠨᠡᠬᠢ ᠥᠪᠡᠰᠦᠪᠡᠨ ᠪᠠᠶᠢᠴᠠᠭᠠᠵᠤ ᠥᠪᠡᠰᠦᠪᠡᠨ | ᠵᠠᠯᠠᠷᠠᠭᠤᠯᠬᠤ ᠪᠠ ᠪᠠᠶᠢᠴᠠᠭᠠᠵᠤ ᠳᠠᠭᠤᠰᠤᠭᠰᠠᠨ ᠤ ᠳᠠᠷᠠᠭ᠎ᠠ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠶᠢ | ᠵᠣᠬᠢᠶᠠᠨ ᠪᠠᠶᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠲᠥᠪ ᠭᠤᠤᠯᠴᠢ ᠴᠢᠨᠠᠷ ᠢ ᠴᠢᠩᠭᠠᠷᠠᠭᠤᠯᠤᠨ᠎ᠠ᠃ | ᠪᠣᠳᠠᠲᠠᠶ ᠠᠵᠢᠯ ᠤᠨ ᠲᠠᠯ᠎ᠠ ᠪᠠᠷ᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠭᠡᠨᠡᠳᠡᠭᠦᠯᠦᠨ | ᠪᠠᠶᠢᠴᠠᠭᠠᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ | ᠭᠡᠨᠡᠳᠡᠭᠦᠯᠦᠨ ᠪᠠᠶᠢᠴᠠᠭᠠᠯᠲᠠ ᠨᠢ ᠶᠡᠷᠦ ᠳᠡᠭᠡᠨ ᠭᠤᠷᠪᠠᠨ ᠭᠤᠭᠴᠤᠭ᠎ᠠ ᠶᠢ ᠪᠠᠭᠲᠠᠭᠠᠨ᠎ᠠ᠄ | ᠨᠢᠭᠡ ᠳᠤ ᠡᠬᠢᠯᠡᠭᠦᠯᠬᠦ᠃ ᠣᠨ ᠤ ᠠᠵᠢᠯ ᠤᠨ ᠲᠥᠯᠥᠪᠯᠡᠭᠡ᠂ ᠢᠯᠡᠴᠢᠯᠡᠨ ᠮᠡᠳᠡᠭᠦᠯᠦᠭᠰᠡᠨ ᠰᠦᠪᠡᠭᠴᠢ᠂ | ᠣᠶᠤᠨᠴᠢ ᠬᠢᠨᠠᠨ ᠡᠵᠡᠮᠳᠡᠬᠦ ᠪᠤᠶᠤ ᠲᠣᠮᠣ ᠳ᠋ᠠᠶᠢᠲ᠋ᠠ ᠶᠢᠨ ᠰᠢᠭᠰᠢᠨ ᠪᠠᠶᠢᠴᠠᠭᠠᠭᠰᠠᠨ ᠰᠦᠪᠡᠭᠴᠢ᠂ ᠵᠠᠭᠤᠴᠢᠯᠠᠭᠤᠷ ᠤᠨ | ᠢᠯᠡᠴᠢᠯᠡᠭᠡ ᠵᠡᠷᠭᠡ ᠶᠢ ᠦᠨᠳᠦᠰᠦᠯᠡᠨ᠂ ᠤᠯᠤᠰ ᠪᠤᠶᠤ ᠮᠤᠵᠢ ᠶᠢᠨ ᠱᠠᠲᠤᠨ ᠤ ᠡᠮᠴᠢᠯᠡᠭᠡᠨ ᠤ ᠳᠠᠭᠠᠳᠬᠠᠯ ᠤᠨ | ᠰᠠᠯᠠᠭ᠎ᠠ ᠮᠥᠴᠢᠷ ᠭᠡᠨᠡᠳᠡᠭᠦᠯᠦᠨ ᠪᠠᠶᠢᠴᠠᠭᠠᠯᠲᠠ ᠶᠢ ᠡᠬᠢᠯᠡᠭᠦᠯᠦᠨ᠎ᠡ᠃ ᠡᠨᠡ ᠵᠢᠯ᠂ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠪᠠᠰᠠ ᠥᠩᠭᠡᠷᠡᠭᠰᠡᠨ ᠵᠢᠯ ᠤᠨ ᠠᠵᠢᠯ ᠤᠨ ᠰᠠᠭᠤᠷᠢᠨ ᠳᠡᠭᠡᠷ᠎ᠡ᠂ ᠭᠤᠤᠯᠳᠠᠯᠭ᠎ᠠ ᠲᠠᠢ | ᠬᠦᠷᠢᠶᠡᠨ ᠳᠤ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠨ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢ ᠬᠡᠷᠡᠭᠯᠡᠭᠰᠡᠨ ᠨᠡᠶᠢᠲᠡᠯᠢᠭ ᠠᠰᠠᠭᠤᠳᠠᠯ ᠢ ᠳ᠋ᠦᠩᠨᠡᠵᠦ᠂ ᠪᠥᠬᠦ ᠤᠯᠤᠰ ᠤᠨ ᠬᠡᠪᠴᠢᠶᠡᠨ ᠳᠤ ᠴᠡᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠥᠪᠡᠰᠦᠪᠡᠨ ᠪᠠᠶᠢᠴᠠᠭᠠᠵᠤ ᠥᠪᠡᠰᠦᠪᠡᠨ | ᠵᠠᠯᠠᠷᠠᠭᠤᠯᠬᠤ ᠠᠵᠢᠯ ᠢ ᠥᠷᠨᠢᠭᠦᠯᠬᠦ ᠶᠢᠨ ᠬᠠᠮᠲᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠤᠭᠰᠠᠨ | ᠪᠠᠶᠢᠳᠠᠯ ᠢ ᠭᠡᠨᠡᠳᠡᠭᠦᠯᠦᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠭᠤᠯᠭ᠎ᠠ ᠪᠣᠯᠭᠠᠵᠤ᠂ ᠴᠡᠭ ᠲᠣᠭᠲᠠᠭᠠᠭᠰᠠᠨ | ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠭᠤᠤᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠭᠤᠤᠯᠳᠠᠯᠭ᠎ᠠ ᠪᠣᠯᠭᠠᠨ᠎ᠠ᠃ | ᠬᠤᠶᠠᠷ ᠲᠤ ᠪᠠᠶᠢᠴᠠᠭᠠᠬᠤ᠃ ᠭᠡᠨᠡᠳᠡᠭᠦᠯᠦᠨ ᠪᠠᠶᠢᠴᠠᠭᠠᠬᠤ ᠳᠤᠭᠤᠶᠢᠯᠠᠩ ᠠᠵᠢᠯ ᠤᠨ ᠲᠣᠬᠢᠷᠠᠭᠤᠯᠤᠯᠲᠠ | ᠶᠣᠰᠣᠭᠠᠷ᠂ ᠡᠯ᠎ᠡ ᠮᠤᠵᠢ ᠳᠤ ᠵᠠᠯᠭᠠᠭ᠎ᠠ ᠪᠠᠷ ᠬᠦᠷᠴᠦ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠥᠷᠨᠢᠭᠦᠯᠵᠦ᠂ | ᠲᠣᠭᠠᠴᠢᠨ ᠲᠣᠳᠣᠷᠬᠠᠶᠢᠯᠠᠬᠤ ᠶᠢ ᠶᠢ ᠭᠥᠯᠢᠶᠡᠨ ᠠᠪᠴᠤ᠂ ᠨᠡᠪᠲᠡᠷᠡᠯᠴᠡᠨ ᠰᠣᠯᠢᠯᠴᠠᠵᠤ᠂ ᠪᠠᠶᠢᠴᠠᠭᠠᠯᠲᠠ ᠶᠢᠨ | ᠮᠡᠳᠡᠭᠦᠯᠦᠯᠲᠡ ᠶᠢ ᠪᠣᠶ ᠪᠣᠯᠭᠠᠨ᠎ᠠ᠃ | ᠭᠤᠷᠪᠠ ᠳᠤ ᠰᠢᠢᠳᠪᠦᠷᠢᠯᠡᠬᠦ᠃ ᠪᠠᠶᠢᠴᠠᠭᠠᠭᠳᠠᠬᠤ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠤᠳ ᠭᠡᠨᠡᠳᠡᠭᠦᠯᠦᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠰᠢᠢᠳᠪᠦᠷᠢᠯᠡᠬᠦ ᠠᠬᠢᠴᠠ᠂ ᠴᠡᠭᠴᠡᠯᠡᠨ | ᠰᠠᠶᠢᠵᠢᠷᠠᠭᠤᠯᠬᠤ ᠲᠥᠰᠦᠯ ᠢᠶᠠᠨ ᠮᠡᠳᠡᠭᠦᠯᠵᠦ᠂ ᠰᠢᠢᠳᠪᠦᠷᠢᠯᠡᠵᠦ ᠪᠠᠷᠠᠭᠰᠠᠨ ᠤ ᠳᠠᠷᠠᠭ᠎ᠠ ᠪᠢᠴᠢᠭ ᠤᠨ | ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠠᠵᠢᠯ ᠤᠨ ᠳ᠋ᠦᠩᠨᠡᠯᠲᠡ ᠶᠢ ᠪᠡᠶᠡᠯᠡᠭᠦᠯᠦᠨ᠎ᠡ᠃ | |