2017 ᠣᠨ ᠪᠠ 2018 ᠣᠨ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠬᠡᠯᠡᠯᠴᠡᠭᠡᠷ ᠬᠢᠬᠦ | ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠰ ᠲᠣᠰ | 36 ᠪᠠ 17 ᠡᠮ ᠤᠨ ᠵᠦᠢᠯ ᠢ ᠣᠷᠣᠭᠤᠯᠪᠠ᠂ ᠡᠭᠦᠨ ᠳᠤ ᠯᠢᠷᠠᠷᠦ᠋ᠫᠲ᠋ᠢᠳ᠋᠂ ᠴᠢᠦ᠋ᠢᠺᠲ᠋ᠠᠨᠧᠲ᠋ᠠᠨ᠂ ᠯᠠᠢ ᠨᠠ ᠳ᠋ᠦ᠋ | ᠠᠮᠢᠨ᠂ ᠣᠱᠲ᠋ᠧᠨᠢ ᠵᠡᠷᠭᠡ ᠪᠠᠭᠲᠠᠨ᠎ᠠ᠃ 2019 ᠣᠨ ᠳᠤ 128 ᠦᠨ᠎ᠡ ᠥᠨᠳᠥᠷ ᠲᠤᠰᠬᠠᠢ ᠠᠰᠢᠭ ᠤᠨ ᠡᠮ ᠨᠢ | ᠬᠡᠯᠡᠯᠴᠡᠭᠡᠷ ᠤᠨ ᠵᠥᠪᠰᠢᠶᠡᠷᠡᠯ ᠤᠨ ᠬᠡᠪᠴᠢᠶᠡᠨ ᠳᠤ ᠣᠷᠣᠪᠠ᠃ | 2020 ᠣᠨ ᠳᠤ ᠨᠡᠶᠢᠲᠡ 162 ᠵᠦᠢᠯ ᠤᠨ ᠡᠮ ᠤᠨ ᠵᠦᠢᠯ ᠤᠨ ᠬᠡᠯᠡᠯᠴᠡᠭᠡᠷ ᠬᠢᠵᠦ᠂ ᠲᠡᠦᠬᠡᠨ ᠳᠤ | ᠬᠠᠮᠤᠭ ᠤᠨ ᠣᠯᠠᠨ ᠨᠢᠭᠡ ᠤᠳᠠᠭ᠎ᠠ ᠪᠣᠯᠣᠨ᠎ᠠ᠃ ᠡᠴᠦᠰ ᠲᠡᠭᠡᠨ 119 ᠵᠦᠢᠯ ᠤᠨ ᠡᠮ ᠤᠨ ᠵᠦᠢᠯ ᠤᠨ ᠬᠡᠯᠡᠯᠴᠡᠭᠡᠷ | ᠠᠮᠵᠢᠯᠲᠠ ᠣᠯᠵᠤ᠂ ᠬᠡᠯᠡᠯᠴᠡᠭᠡᠷ ᠢᠶᠠᠷ ᠰᠢᠯᠵᠢᠭᠦᠯᠦᠨ ᠣᠷᠣᠭᠤᠯᠤᠭᠰᠠᠨ 96 ᠵᠦᠢᠯ ᠤᠨ ᠭᠠᠭᠴᠠ ᠡᠮ ᠤᠨ ᠵᠦᠢᠯ | ᠪᠠ ᠰᠢᠭᠤᠳ ᠰᠢᠯᠵᠢᠭᠦᠯᠦᠨ ᠣᠷᠣᠭᠤᠯᠤᠭᠰᠠᠨ 23 ᠵᠦᠢᠯ ᠤᠨ ᠭᠠᠭᠴᠠ ᠪᠤᠰᠤ ᠡᠮ ᠤᠨ ᠵᠦᠢᠯ ᠢ ᠪᠠᠭᠲᠠᠭᠠᠵᠤ᠂ | ᠬᠡᠯᠡᠯᠴᠡᠭᠡᠷ ᠤᠨ ᠠᠮᠵᠢᠯᠲᠠ ᠣᠯᠤᠭᠰᠠᠨ ᠨᠣᠷᠮ᠎ᠠ ᠨᠢ 73.46% ᠳᠤ ᠬᠦᠷᠴᠡᠶ᠃ ᠬᠡᠯᠡᠯᠴᠡᠭᠡᠷ ᠠᠮᠵᠢᠯᠲᠠ | ᠣᠯᠤᠭᠰᠠᠨ ᠡᠮ ᠤᠨ ᠵᠦᠢᠯ ᠤᠨ ᠳᠤᠮᠳᠠᠴᠢ ᠦᠨ᠎ᠡ 50.64% ᠪᠠᠷ ᠪᠠᠭᠤᠷᠠᠪᠠ᠃ ᠡᠭᠦᠨ ᠳᠤ᠂ 14 ᠵᠦᠢᠯ ᠤᠨ | ᠭᠠᠷᠴᠠᠭ ᠤᠨ ᠳᠣᠲᠣᠷᠠᠬᠢ᠂ ᠵᠢᠯ ᠤᠨ ᠪᠣᠷᠣᠯᠠᠭᠤᠯᠤᠯᠲᠠ ᠶᠢᠨ ᠵᠣᠭᠤᠰ ᠤᠨ ᠲᠤᠭ᠎ᠠ ᠨᠢ 10 ᠳ᠋ᠦᠩᠰᠢᠭᠤᠷ | ᠲᠥᠭᠦᠷᠢᠭ ᠢ ᠳᠠᠪᠠᠭᠰᠠᠨ ᠭᠠᠭᠴᠠ ᠡᠮ ᠤᠨ ᠵᠦᠢᠯ ᠤᠨ ᠬᠡᠯᠡᠯᠴᠡᠭᠡᠷ ᠢ ᠠᠮᠵᠢᠯᠲᠠ ᠣᠯᠤᠭᠰᠠᠨ ᠪᠥᠭᠡᠳ ᠭᠠᠷᠴᠠᠭ ᠤᠨ | ᠳᠣᠲᠣᠷ᠎ᠠ ᠦᠯᠡᠳᠡᠭᠡᠵᠦ᠂ ᠦᠨ᠎ᠡ ᠨᠢ ᠳᠤᠮᠳᠠᠴᠢ ᠪᠠᠷ 43.46% ᠪᠠᠷ ᠪᠠᠭᠤᠷᠠᠪᠠ᠃ 2020 ᠣᠨ ᠳᠤ ᠪᠠᠰᠠ | 2018 ᠣᠨ ᠤ ᠥᠮᠡᠨ ᠡᠰᠡᠷᠭᠦᠴᠡᠬᠦ ᠡᠮ ᠤᠨ ᠲᠤᠰᠬᠠᠶ ᠵᠦᠢᠯ ᠤᠨ ᠵᠥᠪᠰᠢᠶᠡᠷᠡᠯ ᠤᠨ ᠳᠤᠮᠳᠠᠬᠢ 14 ᠵᠦᠢᠯ ᠤᠨ | ᠭᠠᠭᠴᠠ ᠡᠮ ᠤᠨ ᠵᠦᠢᠯ ᠳᠤ ᠲᠦᠷᠢᠮ ᠶᠣᠰᠣᠭᠠᠷ ᠦᠷᠭᠦᠯᠵᠢᠯᠡᠬᠦ ᠪᠤᠶᠤ ᠳᠠᠬᠢᠨᠲᠠ ᠬᠡᠯᠡᠯᠴᠡᠭᠡᠷ ᠬᠢᠵᠦ᠂ ᠳᠤᠮᠳᠠᠴᠢ | ᠪᠠᠭᠤᠷᠠᠯᠲᠠ ᠶᠢᠨ ᠬᠡᠮᠵᠢᠶ᠎ᠡ ᠨᠢ 14.95%᠂ ᠡᠭᠦᠨ ᠳᠤ ᠣᠨᠴᠠ ᠵᠠᠷᠢᠮ ᠨᠢᠭᠡᠳᠦᠭᠡᠷ ᠹᠷᠣᠨᠲ ᠤᠨ ᠥᠮᠡᠨ | ᠡᠰᠡᠷᠭᠦᠴᠡᠬᠦ ᠡᠮ ᠤᠨ ᠪᠠᠭᠤᠷᠠᠯᠲᠠ ᠶᠢᠨ ᠬᠡᠮᠵᠢᠶ᠎ᠡ ᠨᠢ 60% ᠶᠢ ᠳᠠᠪᠠᠭᠰᠠᠨ ᠪᠠᠶᠢᠨ᠎ᠠ᠃ | 2021 ᠣᠨ ᠳᠤ ᠨᠡᠶᠢᠳᠡ 117 ᠡᠮ ᠤᠨ ᠵᠦᠢᠯ ᠳᠤ ᠬᠡᠯᠡᠯᠴᠡᠭᠡᠷ ᠬᠢᠵᠦ᠂ 94 ᠨᠢ ᠠᠮᠵᠢᠯᠲᠠ ᠣᠯᠵᠤ᠂ | ᠶᠡᠷᠦᠩᠬᠡᠢ ᠠᠮᠵᠢᠯᠲᠠ ᠶᠢᠨ ᠨᠤᠷᠮ᠎ᠠ ᠨᠢ 80.34% ᠬᠦᠷᠴᠡᠢ᠃ ᠡᠭᠦᠨ ᠳᠤ ᠭᠠᠷᠴᠠᠭ ᠠᠴᠠ ᠭᠠᠳᠠᠨ᠎ᠠ 85 | ᠭᠠᠭᠴᠠ ᠡᠮ ᠤᠨ ᠵᠦᠢᠯ ᠢ 67 ᠪᠣᠯᠭᠠᠨ ᠬᠡᠯᠡᠯᠴᠡᠵᠦ᠂ ᠠᠮᠵᠢᠯᠲᠠ ᠣᠯᠤᠭᠰᠠᠨ ᠨᠣᠷᠮ᠎ᠠ ᠨᠢ 78.82% ᠲᠤ | ᠬᠦᠷᠴᠦ᠂ ᠳᠤᠮᠳᠠᠴᠢ ᠪᠠᠷ 61.71% ᠪᠠᠷ ᠦᠨ᠎ᠡ ᠪᠠᠭᠤᠷᠠᠪᠠ᠃ ᠨᠣᠷᠰᠢᠨᠠ ᠶᠢᠨ ᠨᠠᠳ᠋ᠷᠢ ᠶᠢᠨ ᠲᠠᠷᠢᠯᠭ᠎ᠠ ᠶᠢᠨ | ᠠᠭᠤᠰᠤᠮᠠᠯ ᠨᠢ ᠤᠯᠤᠰ ᠤᠨ ᠳᠣᠲᠣᠭᠠᠳᠤ ᠳᠤ ᠵᠠᠬ᠎ᠠ ᠳᠡᠯᠭᠡᠭᠦᠷ ᠲᠤ ᠭᠠᠷᠤᠭᠰᠠᠨ ᠠᠩᠬᠠᠨ ᠤ ᠬᠤᠭᠤᠴᠠᠭᠠᠨ ᠳᠤ | ᠦᠨ᠎ᠡ ᠨᠢ ᠰᠢᠷᠬᠡᠭ ᠪᠦᠷᠢ ᠳᠤ ᠪᠠᠨ 69.7 ᠲᠦᠮᠡᠨ ᠲᠥᠭᠦᠷᠢᠭ ᠪᠠᠶᠢᠵᠤ᠂ 2021 ᠣᠨ ᠤ 11 ᠳ᠋ᠦ᠋ᠭᠡᠷ | ᠰᠠᠷ᠎ᠠ ᠳᠤ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡᠷ ᠲᠤ᠂ ᠦᠨ᠎ᠡ ᠬᠠᠩᠰᠢ ᠨᠢ ᠪᠠᠭᠤᠷᠠᠭᠠᠳ | ᠰᠢᠷᠬᠡᠭ ᠪᠦᠷᠢ ᠳᠤ ᠪᠠᠨ 3 ᠲᠦᠮᠡ ᠭᠠᠷᠤᠢ ᠲᠥᠭᠦᠷᠢᠭ ᠪᠣᠯᠵᠠᠢ᠃ | 2022 ᠣᠨ ᠳᠤ᠂ 147 ᠭᠠᠷᠴᠠᠭ ᠠᠴᠠ ᠭᠠᠳᠠᠨᠠᠬᠢ ᠡᠮ ᠤᠨ ᠵᠦᠢᠯ ᠤᠨ ᠬᠡᠯᠡᠯᠴᠡᠭᠡᠷ ᠬᠢᠬᠦ ᠪᠠ ᠦᠨ᠎ᠡ | ᠬᠠᠶᠠᠯᠴᠠᠬᠤ ︵ᠤᠤᠯ ᠤᠨ ᠭᠠᠷᠴᠠᠭ ᠤᠨ ᠳᠣᠲᠣᠷᠠᠬᠢ ᠡᠮ ᠤᠨ ᠵᠦᠢᠯ ᠤᠨ ᠭᠡᠷ᠎ᠡ ᠶᠢ ᠦᠷᠭᠦᠯᠵᠢᠯᠡᠭᠦᠯᠬᠦ ᠬᠡᠯᠡᠯᠴᠡᠭᠡᠷ | ᠪᠠᠭᠲᠠᠨ᠎ᠠ︶ ᠳᠤ ᠣᠷᠣᠯᠴᠠᠵᠤ᠂ ᠶᠡᠷᠦᠩᠬᠡᠶ ᠠᠮᠵᠢᠯᠲᠠ ᠣᠯᠤᠭᠰᠠᠨ ᠨᠣᠷᠮ᠎ᠠ ᠨᠢ 82.3% ᠳᠤ ᠬᠦᠷᠴᠦ᠂ | ᠥᠩᠭᠡᠷᠡᠭᠰᠡᠨ ᠵᠢᠯ ᠤᠳ ᠤᠨ ᠰᠢᠨ᠎ᠡ ᠲᠡᠮᠳᠡᠭᠯᠡᠯ ᠢ ᠡᠭᠦᠳᠪᠡ᠃ ᠬᠡᠯᠡᠯᠴᠡᠭᠡᠷ ᠬᠢᠬᠦ ᠪᠠ ᠦᠨ᠎ᠡ ᠬᠠᠶᠠᠯᠴᠠᠬᠤ ᠪᠠᠷ | ᠰᠢᠨ᠎ᠡ ᠪᠠᠷ ᠵᠥᠪᠰᠢᠶᠡᠷᠡᠨ ᠣᠷᠣᠭᠤᠯᠬᠤ ᠡᠮ ᠤᠨ ᠵᠦᠢᠯ ᠤᠨ ᠦᠨ᠎ᠡ ᠬᠠᠩᠰᠢ ᠶᠢᠨ ᠳᠤᠮᠳᠠᠴᠢ ᠪᠠᠭᠤᠷᠠᠯᠲᠠ ᠶᠢᠨ | ᠬᠡᠮᠵᠢᠶ᠎ᠡ 60.1% ᠲᠤ ᠬᠦᠷᠪᠡ᠃ ᠬᠡᠯᠡᠯᠴᠡᠭᠡᠷ ᠤᠨ ᠬᠤᠭᠤᠴᠠᠭᠠᠨ ᠳᠤ 275 ᠵᠦᠢᠯ ᠤᠨ ᠬᠡᠯᠡᠯᠴᠡᠭᠡᠷ ᠬᠢᠭᠰᠡᠨ | ᠡᠮ ᠢ 1.8 ᠳ᠋ᠦᠩᠰᠢᠭᠤᠷ ᠬᠥᠮᠦᠨ ᠤᠳᠠᠭ᠎ᠠ ᠳᠠᠩᠰᠠ ᠴᠠᠶᠢᠷᠠᠭᠤᠯᠪᠠ᠃ ᠬᠡᠯᠡᠯᠴᠡᠭᠡᠷ ᠢᠶᠠᠷ ᠳᠠᠮᠵᠢᠭᠤᠯᠤᠨ | ᠦᠨ᠎ᠡ ᠶᠢ ᠪᠠᠭᠤᠷᠠᠭᠤᠯᠬᠤ ᠪᠠ ᠡᠮᠴᠢᠯᠡᠭᠡᠨ ᠤ ᠳᠠᠭᠠᠳᠬᠠᠯ ᠤᠨ ᠲᠠᠩᠰᠠ ᠴᠠᠶᠢᠷᠠᠭᠤᠯᠬᠤ ᠨᠢ᠂ ᠵᠢᠯ ᠤᠨ ᠳᠣᠲᠣᠷ᠎ᠠ | ᠡᠪᠡᠳᠴᠢᠲᠡᠨ ᠤ ᠳᠠᠷᠤᠭᠠᠰᠤ ᠶᠢ ᠨᠡᠶᠢᠲᠡ 2100 ᠭᠠᠷᠤᠶ ᠳ᠋ᠦᠩᠰᠢᠭᠤᠷ ᠲᠥᠭᠦᠷᠢᠭ ᠬᠥᠩᠭᠡᠷᠡᠭᠦᠯᠬᠦ ᠪᠣᠯᠣᠨ᠎ᠠ᠃ | 2023 ᠣᠨ ᠳᠤ 143 ᠭᠠᠷᠴᠠᠭ ᠠᠴᠠ ᠭᠠᠳᠠᠨᠠᠬᠢ ᠡᠮ ᠤᠨ ᠵᠦᠢᠯ ᠨᠢ ᠬᠡᠯᠡᠯᠴᠡᠭᠡᠷ ᠬᠢᠬᠦ ᠪᠤᠶᠤ ᠦᠨ᠎ᠡ | ᠬᠠᠶᠠᠯᠴᠠᠬᠤ ᠳᠤ ᠣᠷᠣᠯᠴᠠᠵᠤ᠂ ᠡᠭᠦᠨ ᠳᠤ 121 ᠡᠮ ᠤᠨ ᠵᠦᠢᠯ ᠤᠨ ᠬᠡᠯᠡᠯᠴᠡᠭᠡᠷ ᠬᠢᠬᠦ ᠪᠤᠶᠤ ᠦᠨ᠎ᠡ | ᠬᠠᠶᠠᠯᠴᠠᠬᠤ ᠨᠢ ᠠᠮᠵᠢᠯᠲᠠ ᠣᠯᠵᠤ᠂ ᠦᠨ᠎ᠡ ᠨᠢ ᠳᠤᠮᠳᠠᠴᠢ ᠪᠠᠷ 61.7% ᠪᠠᠷ ᠪᠠᠭᠤᠷᠠᠵᠠᠶ᠃ ᠰᠢᠨ᠎ᠡ ᠶᠢ | ᠡᠭᠦᠳᠦᠭᠰᠡᠨ 25 ᠡᠮ ᠨᠢ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠡᠯᠡᠯᠴᠡᠭᠡᠷ ᠲᠤ ᠣᠷᠣᠯᠴᠠᠵᠤ᠂ 23 ᠨᠢ | ᠠᠮᠵᠢᠯᠲᠠ ᠣᠯᠵᠠᠢ᠃ ᠡᠭᠦᠨ ᠠᠴᠠ ᠭᠠᠳᠠᠨ᠎ᠠ᠂ ᠠᠷᠠᠳ ᠲᠦᠮᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ | ᠬᠤᠬᠢᠷᠠᠯ ᠤᠴᠠᠷᠠᠭᠤᠯᠬᠤ ᠬᠠᠪᠤᠳᠠᠷ ᠢ ᠡᠮᠨᠡᠨ ᠵᠠᠰᠠᠬᠤ ᠡᠮ ᠢ ᠴᠦ ᠦᠷᠭᠦᠯᠵᠢᠯᠡᠨ ᠰᠢᠨᠡᠳᠬᠡᠵᠦ᠂ ᠶᠡᠭᠡ ᠬᠡᠮᠵᠢᠶᠡᠨ ᠤ | ᠰᠢᠨ᠎ᠡ ᠲᠣᠭᠲᠠᠴᠠ ᠰᠢᠨ᠎ᠡ ᠫᠠᠢ ᠴᠡᠭ ᠤᠨ ᠡᠮ ᠢ ᠣᠷᠣᠭᠤᠯᠵᠤ᠂ 2023 ᠣᠨ ᠤ ᠭᠠᠷᠴᠠᠭ ᠲᠤ ᠬᠠᠪᠤᠳᠠᠷ ᠤᠨ | ᠬᠠᠨᠳᠤᠯᠭᠠᠲᠤ ᠡᠮ ᠤᠨ ᠲᠤᠭ᠎ᠠ ᠨᠢᠭᠡᠨᠲᠡ 74 ᠬᠦᠷᠦᠭᠰᠡᠨ ᠪᠠᠶᠢᠨ᠎ᠠ᠃ | 6 ᠡᠭᠡᠯᠵᠢ ᠶᠢᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ | ᠬᠢᠬᠦ ᠪᠠᠷ ᠳᠡᠮᠵᠢᠨ᠂ ᠭᠠᠷᠴᠠᠭ ᠤᠨ ᠳᠣᠲᠣᠷᠠᠬᠢ ᠡᠮ ᠤᠨ ᠵᠦᠢᠯ ᠤᠨ ᠦᠨ᠎ᠡ ᠬᠠᠩᠰᠢ ᠨᠠᠩ ᠵᠦᠶ ᠵᠣᠬᠢᠰᠲᠠᠶ ᠪᠣᠯᠵᠣ᠂ | ᠡᠪᠡᠳᠴᠢᠲᠡᠨ ᠤ ᠠᠵᠤ ᠠᠬᠤᠶ ᠶᠢᠨ ᠳᠠᠷᠤᠭᠠᠰᠤ ᠶᠢ ᠮᠠᠰᠢ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠡᠮᠨᠡᠨ | ᠵᠠᠰᠠᠬᠤ ᠶᠢᠨ ᠪᠣᠯᠤᠮᠵᠢᠲᠤ ᠴᠢᠨᠠᠷ ᠢ ᠳᠡᠭᠡᠭᠰᠢᠯᠡᠭᠦᠯᠪᠡ᠃ | |