ᠡᠮᠴᠢᠯᠡᠭᠡᠨ ᠤ ᠳᠠᠭᠠᠳᠬᠠᠯ ᠮᠢᠨᠦ ᠭᠡᠷ ᠪᠥᠯᠢ ᠶᠢ ᠠᠪᠤᠷᠠᠵᠠᠢ — ᠨᠢᠭᠡᠨ ᠦᠮᠡᠨ ᠡᠪᠡᠳᠴᠢᠨ ᠤ ᠬᠢᠮᠢ ᠶᠢᠨ ᠡᠮᠴᠢᠯᠡᠭᠡ ᠬᠢᠭᠰᠡᠨ ᠡᠪᠡᠳᠴᠢᠲᠡᠨ ᠤ ᠥᠪᠡᠷ ᠤᠨ ᠲᠣᠭᠠᠴᠢᠯᠲᠠ
ᠨᠡᠶᠢᠲᠡᠯᠡᠭᠰᠡᠨ ᠴᠠᠭ᠄
2024/7/16
  ᠣᠯᠠᠨ ᠢᠶᠠᠷ ᠢᠶᠠᠨ ᠰᠠᠶᠢᠨ ᠦᠦ᠂ ᠪᠢ ᠪᠣᠯ ᠵᠦ ᠱᠠᠨ ᠪᠠᠯᠭᠠᠰᠤᠨ ᠤ ᠫᠧᠩ ᠬᠡᠦ ᠲᠣᠰᠬᠤᠨ ᠤ ᠵᠥᠪᠯᠡᠯ ᠤᠨ ᠨᠢᠭᠡᠨ ᠲᠣᠰᠬᠤᠨ ᠤ ᠠᠷᠠᠳ ᠮᠥᠨ᠂ 2018 ᠣᠨ ᠳᠤ ᠵᠢᠷᠠᠨ ᠨᠠᠰᠤ ᠬᠥᠷᠥᠭᠰᠡᠨ ᠨᠠᠳᠠ ᠳᠤ ᠠᠪᠴᠤ ᠬᠡᠯᠡᠪᠡᠯ ᠬᠥᠮᠦᠨ ᠤ ᠠᠮᠢᠳᠤᠷᠠᠯ ᠤᠨ ᠯᠤᠲᠤ ᠶᠡᠭᠡ ᠥᠷᠢᠰᠦᠯᠳᠦᠭᠡᠨ ᠲᠣᠬᠢᠶᠠᠯᠳᠤᠭᠰᠠᠨ ᠪᠠᠶᠢᠨ᠎ᠠ᠃ ᠡᠨᠡ ᠬᠦ ᠣᠮᠪᠣᠯᠣ ᠬᠡᠦᠬᠡᠳ ᠢᠶᠠᠨ ᠰᠠᠭᠠᠲᠠᠭᠤᠯᠤᠨ᠂ ᠥᠲᠡᠯᠦᠭᠡ ᠨᠠᠰᠤᠨ ᠤ ᠵᠢᠷᠭᠠᠯ ᠢᠶᠠᠨ ᠡᠳ᠋ᠯᠡᠬᠦ ᠰᠠᠶᠢᠨ ᠴᠠᠭ ᠲᠤ᠂ ᠬᠠᠷᠢᠨ ᠬᠤᠣᠷᠲᠤ ᠬᠠᠪᠤᠳᠠᠷ — ᠴᠡᠭᠡᠵᠢᠨ ᠤ ᠪᠤᠯᠴᠢᠷᠬᠠᠢ ᠶᠢᠨ ᠦᠮᠡᠨ ᠢᠶᠠᠷ ᠣᠨᠣᠰᠢᠯᠠᠭᠳᠠᠭᠰᠨ ᠪᠠᠶᠢᠨ᠎ᠠ᠃ ᠡᠨᠡ ᠴᠢᠮᠡᠭᠡ ᠶᠢ ᠠᠩᠬ᠎ᠠ ᠮᠡᠳᠡᠬᠦ ᠦᠶ᠎ᠡ ᠳᠤ᠂ ᠮᠠᠨ ᠤ ᠪᠦᠬᠦ ᠭᠡᠷ ᠢᠶᠠᠷ ᠢᠶᠠᠨ ᠮᠠᠰᠢ ᠶᠡᠭᠡ ᠰᠣᠴᠢᠨ ᠭᠡᠯᠮᠡᠭᠳᠡᠵᠦ᠂ ᠲᠡᠭᠷᠢ ᠨᠤᠷᠠᠭᠰᠠᠨ ᠮᠡᠲᠦ ᠰᠠᠨᠠᠭᠳᠠᠪᠠ᠃ ᠥᠮᠡᠨ ᠭᠡᠭᠰᠡᠭᠡᠷ ᠠᠶᠤᠵᠤ ᠭᠡᠯᠮᠡᠭᠳᠡᠬᠦ ᠪᠣᠯ ᠬᠥᠮᠥᠰ ᠤᠨ ᠦᠨᠳᠦᠰᠦᠨ ᠰᠡᠳᠭᠢᠯ ᠤᠨ ᠢᠯᠡᠷᠡᠯ ᠪᠣᠯᠣᠨ᠎ᠠ᠂ ᠯᠤᠲᠤ ᠶᠡᠭᠡ ᠡᠮᠴᠢᠯᠡᠭᠡᠨ ᠤ ᠵᠠᠷᠤᠳᠠᠯ ᠪᠣᠯ ᠨᠡᠩ ᠴᠤ ᠮᠠᠨ ᠤ ᠠᠮᠢᠳᠤᠷᠠᠯ ᠳᠤ ᠲᠤᠩ ᠶᠡᠭᠡ ᠳᠠᠷᠤᠭᠠᠰᠤ ᠠᠪᠴᠢᠷᠠᠭᠰᠠᠨ ᠪᠠᠶᠢᠨ᠎ᠠ᠂ ᠪᠢᠳᠡ ᠰᠢᠭ ᠡᠩ ᠤᠨ ᠲᠠᠷᠢᠶᠠᠴᠢᠨ ᠤ ᠭᠡᠷ ᠪᠦᠯᠢ᠂ ᠰᠣᠶᠣᠯ ᠦᠭᠡᠢ᠂ ᠠᠵᠤ ᠠᠬᠤᠢ ᠶᠢᠨ ᠣᠷᠣᠯᠭ᠎ᠠ ᠬᠢᠵᠠᠭᠠᠷ ᠲᠠᠢ᠂ ᠮᠢᠨᠤ ᠡᠨᠡ ᠨᠠᠰᠤᠨ ᠤ ᠬᠥᠮᠥᠨ ᠳᠡᠭᠡᠷ᠎ᠡ ᠪᠠᠨ ᠨᠠᠰᠤᠲᠠᠨ  ᠲᠠᠢ ᠳᠣᠣᠷ᠎ᠠ ᠪᠠᠨ ᠨᠢᠯᠬ᠎ᠠ ᠲᠠᠢ ᠪᠠᠶᠢᠳᠠᠯ ᠳᠤ᠂ ᠮᠢᠨᠦ ᠰᠣᠴᠢᠨ ᠠᠶᠤᠵᠤ᠂ ᠰᠠᠨᠠᠭ᠎ᠠ ᠵᠣᠪᠠᠵᠤ᠂ ᠡᠷᠡᠭᠡᠯᠵᠡᠵᠦ ᠪᠠᠶᠢᠭ᠎ᠠ ᠶᠢ ᠭᠡᠷ ᠤᠨ ᠬᠥᠮᠥᠰ ᠦᠵᠡᠭᠡᠳ ᠬᠡᠳᠦᠶ ᠵᠣᠭᠤᠰ ᠵᠠᠷᠤᠴᠠᠭᠤᠯᠤᠭᠰᠠᠨ ᠴᠤ ᠵᠠᠪᠠᠯ ᠡᠮᠨᠡᠭᠦᠯᠦᠨ᠎ᠡ ᠭᠡᠵᠦ ᠨᠠᠮᠠᠶᠢ ᠵᠣᠷᠢᠭᠵᠢᠭᠤᠯᠤᠭᠰᠠᠨ ᠪᠠᠶᠢᠨ᠎ᠠ᠃  ᠨᠠᠳᠠ ᠢᠲᠡᠭᠡᠯ ᠪᠠ ᠳᠡᠮᠵᠢᠯᠭᠡ ᠦᠵᠡᠭᠦᠯᠦᠭᠰᠡᠨ ᠡᠶᠢᠮᠦ ᠰᠠᠶᠢᠨ ᠭᠡᠷ ᠤᠨ ᠬᠥᠮᠥᠰ ᠲᠠᠢ ᠨᠢ ᠮᠢᠨᠤ ᠠᠵᠠ ᠮᠥᠨ᠃ ᠲᠠᠷᠠᠭᠠᠴᠢ ᠶᠢᠨ ᠬᠡᠳᠦᠨ ᠵᠢᠯ ᠳᠤ᠂ ᠪᠢ ᠢᠳᠡᠪᠬᠢᠲᠡᠶ ᠡᠮᠨᠡᠨ ᠵᠠᠰᠠᠭᠰᠠᠭᠠᠷ ᠢᠷᠡᠵᠡᠶ᠂ 2018 ᠤᠨ 12 ᠳ᠋ᠤᠭᠠᠷ ᠰᠠᠷ᠎ᠠ ᠠᠴᠠ 2024 ᠣᠨ ᠤ 3 ᠳ᠋ᠤᠭᠠᠷ ᠰᠠᠷ᠎ᠠ ᠪᠣᠯᠲᠠᠯ᠎ᠠ᠂ ᠪᠢ ᠤᠷᠢᠳ ᠬᠤᠵᠢᠳ 24 ᠤᠳᠠᠭ᠎ᠠ ᠡᠮᠨᠡᠯᠭᠡ ᠳᠤ ᠰᠠᠭᠤᠵᠤ᠂ ᠡᠮᠴᠢᠯᠡᠭᠡᠨ ᠤ ᠵᠠᠷᠤᠳᠠᠯ 22 ᠲᠦᠮᠡ ᠭᠠᠷᠤᠶ ᠲᠥᠭᠦᠷᠢᠭ ᠲᠤ ᠬᠦᠷᠴᠦ᠂ ᠠᠵᠠ ᠵᠠᠪᠰᠢᠶᠠᠨ ᠢᠶᠠᠷ ᠪᠢᠳᠡ ᠤᠯᠠᠭᠠᠨ ᠲᠤᠭ ᠤᠨ ᠳᠣᠤᠷ᠎ᠠ ᠥᠰᠴᠦ᠂ ᠬᠠᠪᠤᠷ ᠤᠨ ᠤᠷᠢᠬᠠᠨ ᠰᠠᠯᠬᠢᠨ ᠳᠣᠣᠷ᠎ᠠ ᠠᠮᠢᠳᠤᠷᠠᠵᠤ᠂ ᠨᠠᠳᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠶ᠎ᠡ ᠶᠢᠨ ᠭᠠᠷᠤᠯ ᠲᠠᠢ ᠶᠤᠮ᠂ ᠪᠠᠯᠭᠠᠰᠤᠨ ᠤ ᠡᠮᠴᠢᠯᠡᠭᠡᠨ ᠤ ᠳᠠᠭᠠᠳᠬᠠᠯ ᠤᠨ ᠭᠠᠵᠠᠷ ᠪᠠᠰᠠ ᠨᠠᠳᠠ ᠳᠤ ᠡᠭᠦᠳᠡᠨ ᠡᠮᠨᠡᠯᠭᠡ ᠶᠢᠨ ᠤᠵᠢᠭ ᠡᠪᠡᠳᠴᠢᠨ ᠤ ᠭᠠᠷᠳᠠᠮ ᠭᠦᠢᠴᠡᠳᠬᠡᠵᠦ᠂ ᠡᠭᠦᠳᠡᠨ ᠡᠮᠨᠡᠯᠭᠡ ᠶᠢᠨ ᠵᠠᠷᠤᠳᠠᠯ ᠢ ᠭᠠᠷᠭᠠᠪᠠᠯ᠂ ᠡᠮᠨᠡᠯᠭᠡ ᠳᠤ ᠰᠠᠭᠤᠬᠤ ᠦᠨᠳᠦᠰᠦᠨ ᠡᠮᠴᠢᠯᠡᠭᠡᠨ ᠤ ᠳᠠᠭᠠᠳᠬᠠᠯ 105251.18 ᠲᠥᠭᠦᠷᠢᠭ ᠤᠨ ᠳᠠᠩᠰᠠ ᠴᠠᠶᠢᠷᠠᠭᠤᠯᠵᠤ᠂ ᠬᠦᠨᠳᠦ ᠡᠪᠡᠳᠴᠢᠨ ᠤ ᠳᠠᠭᠠᠳᠬᠠᠯ 26405.72 ᠲᠥᠭᠦᠷᠢᠭ ᠤᠨ ᠳᠠᠩᠰᠠ ᠴᠠᠶᠢᠷᠠᠭᠤᠯᠵᠤ᠂ ᠡᠮᠴᠢᠯᠡᠭᠡᠨ ᠤ ᠠᠪᠤᠷᠠᠨ ᠲᠤᠰᠠᠯᠠᠯᠲᠠ 22738.73 ᠲᠥᠭᠦᠷᠢᠭ᠂ ᠬᠤᠪᠢ ᠬᠥᠮᠦᠨ ᠵᠥᠪᠬᠡᠨ 58527.22 ᠲᠥᠭᠦᠷᠢᠭ ᠲᠤᠰᠢᠶᠠᠪᠠ᠃ ᠬᠤᠯᠠ ᠶᠢ ᠬᠡᠯᠡᠬᠦ ᠦᠭᠡᠢ᠂ ᠭᠠᠭᠴᠠ ᠬᠦ 2024 ᠣᠨ ᠤ 1 ᠳ᠋ᠦ᠋ᠭᠡᠷ ᠰᠠᠷ᠎ᠠ ᠠᠴᠠ 3 ᠳ᠋ᠤᠭᠠᠷ ᠰᠠᠷ᠎ᠠ ᠪᠣᠯᠲᠠᠯ᠎ᠠ᠂ ᠮᠢᠨᠦ ᠡᠮᠨᠡᠯᠭᠡ ᠳᠤ ᠰᠠᠭᠤᠭᠰᠠᠨ ᠵᠠᠷᠤᠳᠠᠯ 27000 ᠭᠠᠷᠤᠢ ᠲᠥᠭᠦᠷᠢᠭ ᠲᠤ ᠬᠦᠷᠴᠦ᠂ ᠬᠤᠪᠢ ᠬᠥᠮᠦᠨ ᠵᠥᠪᠬᠡᠨ 4807 ᠲᠥᠭᠦᠷᠢᠭ ᠵᠠᠷᠤᠴᠠᠭᠤᠯᠵᠤ᠂ ᠲᠠᠩᠰᠠ ᠴᠠᠶᠢᠷᠠᠭᠤᠯᠬᠤ ᠬᠠᠷᠢᠴᠠᠯ 82.5% ᠳᠤ ᠬᠦᠷᠴᠦ᠂ ᠵᠠᠰᠠᠭ ᠤᠨ ᠣᠷᠳᠣᠨ ᠤ ᠬᠠᠪᠰᠤᠷᠤᠯᠭ᠎ᠠ ᠪᠠ ᠣᠯᠠᠨ ᠳᠠᠪᠬᠤᠷ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠳᠣᠤᠷ᠎ᠠ ᠬᠡᠷ ᠪᠦᠯᠢ ᠶᠢᠨ ᠠᠵᠤ ᠠᠬᠤᠶ ᠶᠢᠨ ᠳᠠᠷᠤᠯᠲᠠ ᠶᠢ ᠬᠥᠩᠭᠡᠷᠡᠭᠦᠯᠵᠡᠶ᠃  ᠥᠩᠭᠡᠷᠡᠭᠰᠡᠨ ᠳᠤ ᠤᠳᠠᠭ᠎ᠠ ᠪᠦᠷᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠲᠤᠰᠢᠶᠠᠬᠤ ᠦᠶ᠎ᠡ ᠳᠤ ᠪᠠᠯᠭᠠᠰᠤᠨ ᠤ ᠵᠠᠰᠠᠭ ᠤᠨ ᠣᠷᠳᠣᠨ ᠪᠣᠯᠤᠨ ᠲᠣᠰᠬᠤᠨ ᠤ ᠺᠠᠳ᠋ᠷ ᠴᠥᠮ ᠡᠯ᠎ᠡ ᠵᠦᠢᠯ ᠤᠨ ᠠᠷᠭ᠎ᠠ ᠵᠠᠮ ᠢᠶᠠᠷ ᠤᠬᠠᠭᠤᠯᠵᠤ ᠰᠦᠢᠳᠬᠡᠯ ᠲᠤᠰᠢᠶᠠᠬᠤ ᠶᠢ ᠮᠡᠳᠡᠭᠳᠡᠳᠡᠭ᠂ ᠲᠣᠰᠬᠤᠨ ᠤ ᠠᠷᠠᠳ ᠤᠨ ᠵᠥᠪᠯᠡᠯ ᠂ ᠲᠣᠰᠬᠤᠨ ᠤ ᠠᠯᠪᠠᠨ ᠵᠠᠷ ᠤᠨ ᠪᠤᠯᠤᠩ᠂ ᠸᠢᠴᠡᠲ ᠤᠨ ᠲᠣᠰᠬᠤᠨ ᠤ ᠵᠢᠵᠢᠭ ᠳᠤᠭᠤᠶᠢᠯᠠᠩ᠂ ᠸᠢᠴᠠᠲ ᠤᠨ ᠨᠠᠶᠢᠵᠠ ᠶᠢᠨ ᠲᠣᠭᠤᠷᠢᠭ᠂ ᠤᠲᠠᠰᠤ᠂ ᠬᠡᠷ ᠲᠤᠨᠢ ᠬᠦᠷᠴᠦ ᠤᠬᠠᠭᠤᠯᠤᠭᠰᠠᠨ ᠴᠤ᠂ ᠮᠠᠰᠢ ᠣᠯᠠᠨ ᠲᠣᠰᠬᠤᠨ ᠤ ᠠᠷᠠᠳ ᠴᠥᠮ ᠬᠡᠲᠦᠷᠡᠭᠦᠯᠦᠨ ᠶᠠᠷᠢᠵᠤ ᠪᠠᠶᠢᠨ᠎ᠠ᠂ ᠶᠠᠷᠰᠢᠭ ᠲᠦᠪᠡᠭ ᠲᠠᠢ ᠭᠡᠵᠦ ᠦᠵᠡᠵᠦ᠂ ᠴᠢᠨᠠᠭᠰᠢᠯᠠᠪᠠᠯ ᠵᠠᠷᠢᠮ ᠬᠥᠮᠦᠰ ᠠᠵᠠ ᠵᠠᠪᠰᠢᠶᠠᠨ ᠢ ᠡᠷᠢᠬᠦ ᠪᠤᠳᠤᠯ ᠢᠶᠠᠷ ᠬᠦᠨᠳᠦ ᠡᠪᠡᠳᠴᠢᠨ ᠳᠤ ᠨᠡᠷᠪᠡᠭᠳᠡᠬᠦ ᠶᠣᠰᠣ ᠦᠭᠡᠢ᠂ ᠵᠣᠭᠤᠰ ᠢᠶᠠᠨ ᠲᠤᠰᠢᠶᠠᠪᠠᠯ ᠪᠦᠷᠢᠯᠭᠡᠭᠰᠡᠨ ᠲᠠᠢ ᠲᠡᠩᠴᠡᠨ᠎ᠡ ᠭᠡᠵᠦ ᠦᠵᠡᠵᠦ᠂ ᠲᠣᠰᠬᠤᠨ ᠤ ᠺᠠᠳ᠋ᠷ ᠢᠩᠭᠢᠵᠦ ᠢᠳᠡᠪᠬᠢᠲᠡᠢ ᠪᠠᠶᠢᠬᠤ ᠨᠢ ᠴᠥᠮ ᠳᠡᠭᠡᠳᠦ ᠱᠠᠲᠤᠨ ᠤ ᠡᠭᠦᠷᠭᠡ ᠪᠠᠨ ᠪᠡᠶᠡᠯᠡᠭᠦᠯᠬᠦ ᠶᠢᠨ ᠲᠥᠯᠥᠭᠡ ᠶᠤᠮ ᠭᠡᠵᠦ ᠦᠵᠡᠵᠦ ᠪᠠᠶᠢᠪᠠ᠃ ᠦᠨᠡᠨ ᠢ ᠬᠡᠯᠡᠪᠡᠯ ᠪᠢ ᠥᠪᠡᠷ ᠢᠶᠠᠨ ᠲᠤᠬᠠᠢ ᠶᠢᠨ ᠦᠶ᠎ᠡ ᠳᠤ ᠪᠠᠰᠠ ᠡᠶᠢᠮᠦ ᠪᠣᠳᠣᠯ ᠲᠠᠢ ᠪᠠᠶᠢᠵᠠᠢ᠂ ᠭᠡᠪᠡᠴᠦ ᠲᠣᠰᠬᠤᠨ ᠤ ᠺᠠᠳ᠋ᠷ ᠤᠨ ᠢᠳᠡᠪᠬᠢᠲᠡᠢ ᠵᠢᠯᠣᠭᠤᠳᠤᠯᠭ᠎ᠠ ᠳᠣᠣᠷ᠎ᠠ ᠰᠦᠢᠳᠭᠡᠯ ᠢᠶᠠᠨ ᠲᠤᠰᠢᠶᠠᠵᠤ᠂ ᠵᠣᠭᠤᠰ ᠵᠠᠷᠤᠴᠠᠭᠤᠯᠵᠤ ᠠᠮᠤᠷ ᠲᠦᠪᠰᠢᠨ ᠬᠤᠳᠠᠯᠳᠤᠨ ᠠᠪᠴᠤ ᠪᠠᠶᠢᠨ᠎ᠠ ᠭᠡᠵᠦ ᠪᠣᠳᠣᠪᠠ︕ 2018 ᠣᠨ ᠳᠤ᠂ ᠪᠢ ᠵᠣᠯ ᠪᠤᠰᠤ ᠪᠠᠷ ᠡᠪᠡᠳᠴᠢᠯᠡᠪᠡ᠂ ᠠᠵᠠ ᠪᠠᠷ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠢ ᠤᠯᠤᠰ ᠠᠴᠠ ᠪᠠᠲᠤᠯᠠᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠪᠠᠷ ᠲᠠᠮᠵᠢᠨ ᠥᠪᠡᠷ ᠤᠨ ᠪᠡᠶ᠎ᠡ ᠳᠡᠭᠡᠨ ᠠᠮᠢᠵᠢᠷᠠᠯ ᠤᠨ ᠬᠦᠴᠦᠨ ᠣᠯᠭᠤᠵᠠᠢ᠂ ᠭᠡᠷ ᠪᠦᠯᠢ ᠶᠢᠨ ᠢᠶᠠᠨ ᠠᠵᠤ ᠠᠬᠤᠢ ᠶᠢᠨ ᠳᠠᠷᠤᠭᠠᠰᠤ ᠶᠢ ᠴᠤ ᠬᠥᠩᠭᠡᠷᠡᠭᠦᠯᠦᠭᠰᠡᠨ ᠤ ᠬᠠᠮᠲᠤ ᠢᠷᠡᠭᠡᠳᠦᠢ ᠶᠢᠨ ᠰᠠᠶᠢᠨ ᠰᠠᠶᠢᠬᠠᠨ ᠠᠮᠢᠳᠤᠷᠠᠯ ᠳᠤ ᠬᠦᠰᠡᠯ ᠡᠷᠡᠮᠡᠯᠵᠡᠯ ᠲᠠᠢ ᠪᠣᠯᠵᠠᠢ᠃  ᠭᠠᠢ ᠭᠠᠮᠰᠢᠭ ᠨᠢ ᠬᠡᠳᠦᠶᠢᠪᠡᠷ ᠵᠠᠶᠢᠯᠠᠰᠢ ᠦᠭᠡᠢ ᠪᠣᠯᠪᠠᠴᠤ᠂ ᠪᠢᠳᠡ ᠥᠪᠡᠷ ᠤᠨ ᠪᠡᠶ᠎ᠡ ᠳᠡᠭᠡᠨ ᠤᠷᠢᠳᠴᠢᠯᠠᠨ ᠪᠠᠲᠤᠯᠠᠭ᠎ᠠ ᠬᠤᠳᠠᠯᠳᠤᠨ ᠠᠪᠴᠤ ᠪᠣᠯᠤᠨ᠎ᠠ — ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠪᠣᠯ ᠳᠠᠷᠤᠢ ᠤᠯᠤᠰ ᠠᠴᠠ ᠪᠢᠳᠡᠨ ᠳᠤ ᠬᠠᠩᠭᠠᠭᠰᠠᠨ ᠨᠢᠭᠡᠨ ᠦᠨᠳᠦᠰᠦᠨ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠮᠥᠨ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠪᠠᠲᠤᠯᠠᠭ᠎ᠠ ᠮᠥᠨ᠃ ᠤᠯᠠᠨ ᠢᠶᠠᠷ ᠢᠶᠠᠨ ᠮᠢᠨᠦ ᠦᠯᠢᠭᠡᠷ ᠢ ᠰᠣᠨᠣᠰᠤᠭᠰᠠᠨ ᠤ ᠳᠠᠷᠠᠭ᠎ᠠ ᠢᠳᠡᠪᠬᠢᠲᠡᠢ ᠪᠠᠷ ᠳᠠᠭᠠᠳᠬᠠᠯ ᠳᠤ ᠣᠷᠣᠯᠴᠠᠬᠤ ᠶᠢ ᠬᠦᠰᠡᠵᠦ ᠪᠠᠶᠢᠨ᠎ᠠ᠂ ᠬᠤᠪᠢ ᠬᠥᠮᠦᠨ 380 ᠲᠥᠭᠦᠷᠢᠭ ᠲᠤᠰᠢᠶᠠᠬᠤ ᠶᠢᠨ ᠬᠠᠮᠲᠤ ᠡᠳ᠋ ᠤᠨ ᠵᠠᠰᠠᠭ ᠠᠴᠠ 640 ᠲᠥᠭᠦᠷᠢᠭ ᠥᠭᠴᠦ᠂ ᠪᠢᠳᠡᠨ ᠤ ᠲᠤᠰᠢᠶᠠᠬᠤ ᠠᠴᠠ ᠬᠤᠯᠠ ᠢᠯᠡᠭᠦᠦ ᠪᠠᠶᠢᠬᠤ ᠶᠢ ᠮᠡᠳᠡᠬᠦ ᠬᠡᠷᠡᠭᠲᠡᠢ᠃ ᠡᠮᠴᠢᠯᠡᠭᠡᠨ ᠤ ᠰᠠᠭᠤᠷᠢ ᠮᠥᠩᠭᠦ ᠪᠣᠯ ᠣᠯᠠᠨ ᠲᠦᠮᠡᠨ ᠤ ᠬᠦᠴᠦᠨ ᠴᠢᠳᠠᠯ ᠢ ᠨᠡᠶᠢᠯᠡᠭᠦᠯᠦᠭᠰᠡᠨ ᠶᠠᠪᠤᠳᠠᠯ ᠮᠥᠨ᠃ ᠤᠯᠤᠰ ᠤᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠲᠠᠭᠠᠳᠬᠠᠯ ᠪᠤᠯ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠲᠤ ᠴᠠᠭ ᠲᠤᠬᠠᠢ ᠳᠤ ᠲᠤᠰᠠᠯᠠᠮᠵᠢ ᠦᠵᠡᠭᠦᠯᠵᠦ ᠪᠠᠶᠢᠳᠠᠭ᠃  ᠬᠦᠮᠦᠨ ᠪᠦᠬᠦᠨ ᠬᠠᠮᠲᠤᠳ ᠪᠠᠶᠢᠪᠠᠯ ᠳᠡᠯᠡᠬᠡᠢ ᠳ᠋ᠠᠬᠢᠨ ᠮᠠᠨᠳᠤᠨ᠎ᠠ᠃ ᠤᠯᠤᠰ ᠣᠷᠣᠨ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠲᠠᠯᠠᠷᠬᠠᠵᠤ᠂ ᠠᠮᠢ ᠨᠠᠰᠤᠨ ᠤ ᠳᠤᠮᠳᠠ ᠲᠣᠬᠢᠶᠠᠯᠳᠤᠭᠰᠠᠨ ᠨᠠᠮᠠᠶᠢ ᠬᠠᠪᠰᠤᠷᠤᠭᠰᠠᠨ ᠬᠥᠮᠦᠨ ᠨᠢᠭᠡᠪᠦᠷᠢ ᠳᠤ ᠲᠠᠯᠠᠷᠬᠠᠵᠤ ᠪᠠᠶᠢᠨ᠎ᠠ  ᠨᠢᠭᠡ ᠬᠤᠪᠢ ᠡᠮᠴᠢᠯᠡᠭᠡᠨ ᠤ ᠳᠠᠭᠠᠳᠬᠠᠯ ᠠᠪᠤᠪᠠᠯ᠂ ᠨᠢᠭᠡ ᠨᠠᠰᠤᠨ ᠳᠠᠭᠠᠨ ᠵᠣᠪᠠᠨᠢᠯ ᠦᠭᠡᠢ︕ 
 
ᠢᠷᠡᠯᠲᠡ᠄ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map