ᠬᠡᠰᠡᠭ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠪᠠ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋ ᠢ ᠺᠣᠳ᠋ᠯᠠᠨ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/17
    ᠥᠪᠥᠷ ᠡᠮ ᠬᠤᠳᠠᠯᠳᠤᠨ ᠠᠪᠬᠤ ᠲᠥᠪ ᠦᠰᠦᠭ ﹇ 2024﹈ 151 ᠳ᠋ᠤᠭᠡᠷ ᠲᠣᠭᠠᠲᠤᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄  ᠲᠠᠪᠴᠠᠩ ᠤᠨ ᠳ᠋ᠠᠶᠢᠲ᠋ᠠ ᠶᠢᠨ ᠵᠢᠷᠤᠮᠵᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠤ ᠬᠤᠯᠪᠤᠭᠰᠠᠨ ᠳ᠋ᠠᠶᠢᠲ᠋ᠠ ᠶᠢᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ︽ᠡᠮ ᠤᠨ ᠵᠦᠢᠯ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇ 2024﹈ 70 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠡᠰᠡᠭ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠳ᠋ ᠢ ᠺᠣᠳ᠋ᠯᠠᠨ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠳᠣᠤᠷᠠᠬᠢ ᠮᠡᠲᠦ ᠮᠡᠳᠡᠭᠳᠡᠪᠡ᠃  ᠨᠢᠭᠡ᠂ ᠦᠢᠯᠡᠳᠬᠦᠨ ᠤ ᠬᠡᠪᠴᠢᠶ᠎ᠡ  ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠨᠢ ᠨᠢᠭᠡᠨᠲᠡ ᠰᠦᠯᠵᠢᠶᠡᠨ ᠳᠤ ᠬᠤᠯᠪᠣᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠣᠷᠣᠯᠠᠬᠤ ᠲᠡᠮᠳᠡᠭ ᠲᠠᠢ ᠲᠤᠰᠬᠠᠯ ᠭᠠᠷᠭᠠᠭᠰᠠᠨ ᠦᠭᠡᠢ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠪᠠ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋᠃  ᠬᠤᠶᠠᠷ᠂ ᠠᠵᠢᠯ ᠤᠨ ᠠᠭᠤᠯᠭ᠎ᠠ  ︵ᠨᠢᠭᠡ︶ ᠬᠠᠮᠢᠶ᠎ᠠ ᠪᠥᠬᠦᠶ ᠠᠵᠤ ᠠᠬᠤᠶᠢᠯᠠᠯ 9 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠰᠦᠯᠵᠢᠶ᠎ᠡ︾ — ︽ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ︾ — ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾ ᠤᠨ ᠺᠣᠳ᠋ ᠤᠨ ᠬᠥᠮᠥᠷᠭᠡ ᠳᠤ ᠣᠷᠣᠵᠤ ᠬᠠᠷᠠᠭᠠᠯᠵᠠᠭᠰᠠᠨ ᠦᠢᠯᠡᠳᠬᠦᠨ ᠤ ᠮᠡᠳᠡᠭᠡ ᠵᠠᠩᠭᠢ ᠶᠢ ᠲᠠᠨᠢᠵᠤ ᠠᠪᠬᠤ ᠶᠢᠨ ᠬᠠᠮᠲᠤ ᠦᠢᠯᠡᠳᠬᠦᠨ ᠤ ᠮᠡᠳᠡᠭᠡ ᠵᠠᠩᠭᠢ ᠶᠢ ᠰᠦᠯᠵᠢᠶᠡᠨ ᠳᠤ ᠬᠤᠯᠪᠣᠬᠤ ᠶᠢ ᠭᠤᠶᠤᠴᠢᠯᠠᠨ ᠮᠡᠳᠡᠭᠦᠯᠬᠦ ᠬᠡᠷᠡᠭᠲᠡᠶ᠃  ︵ᠬᠤᠶᠠᠷ︶ ᠮᠡᠳᠡᠭᠦᠯᠦᠭᠰᠡᠨ ᠦᠷ᠎ᠡ ᠳ᠋ᠦᠩ ᠢ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾ — ︽ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ︾ ᠶᠢᠨ ᠳᠣᠲᠣᠷ᠎ᠠ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ ᠪᠠᠷ ᠳᠡᠮᠵᠢᠨ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ ᠨᠡᠶᠢᠲᠡᠯᠡᠭᠰᠡᠨ ᠦᠷ᠎ᠡ ᠳ᠋ᠦᠩ ᠢ ᠪᠥᠬᠦ ᠣᠷᠣᠨ ᠤ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠤᠨ᠎ᠠ᠃  ︵ᠭᠤᠷᠪᠠ︶ ᠬᠠᠮᠢᠶ᠎ᠠ ᠪᠥᠬᠦᠶ ᠠᠵᠤ ᠠᠬᠤᠶᠢᠯᠠᠯ ᠤᠳ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠪᠠᠶᠢᠭᠤᠯᠬᠤ ᠪᠠ ᠦᠨ᠎ᠡ ᠵᠥᠪᠯᠡᠬᠦ ᠵᠡᠷᠭᠡ ᠬᠠᠮᠢᠶ᠎ᠠ ᠪᠥᠬᠦᠶ ᠠᠷᠠᠯᠵᠢᠶᠠᠯᠠᠬᠤ ᠠᠴᠠ ᠡᠮᠦᠨᠡᠬᠢ ᠪᠡᠯᠡᠳᠬᠡᠯ ᠠᠵᠢᠯ ᠢ ᠪᠡᠶᠡᠯᠡᠭᠦᠯᠵᠦ᠂ ᠲᠤᠬᠠᠶ ᠶᠢᠨ ᠦᠶ᠎ᠡ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠣᠷᠣᠯᠠᠬᠤ ᠲᠡᠮᠳᠡᠭ ᠲᠠᠢ ᠲᠤᠰᠬᠠᠯ ᠭᠠᠷᠭᠠᠭᠰᠠᠨ ᠥᠬᠡᠶ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠪᠠ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋ ᠤᠨ ᠠᠷᠠᠯᠵᠢᠶᠠᠨ ᠤ ᠬᠢᠷᠢ ᠬᠡᠮ ᠢ ᠲᠦᠷ ᠵᠣᠭᠰᠣᠭᠠᠨ᠎ᠠ᠃  ᠭᠤᠷᠪᠠ᠂ ᠠᠵᠢᠯ ᠤᠨ ᠱᠠᠭᠠᠷᠳᠠᠯᠭ᠎ᠠ  ᠬᠠᠮᠢᠶ᠎ᠠ ᠪᠦᠬᠦᠢ ᠠᠵᠤ ᠠᠬᠤᠶᠢᠯᠠᠯ ᠤᠳ ᠵᠣᠯᠭᠠᠭᠤᠯᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠨᠢᠭᠲᠠ ᠨᠡᠪᠲᠡᠷᠡᠯᠴᠡᠵᠦ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠡᠷᠡᠭᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠂ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠺᠣᠳ᠋ ᠢ ᠲᠤᠭᠤᠰᠢᠯᠠᠭᠤᠯᠵᠤ᠂ ︽ᠺᠣᠳ᠋ ᠲᠠᠢ ᠳᠠᠭᠠᠭᠠᠴᠢᠯᠠᠯᠲᠠ ᠵᠠᠷᠯᠠᠬᠤ᠂ ᠺᠣᠳ᠋ ᠲᠠᠢ ᠬᠤᠳᠠᠯᠳᠤᠨ ᠠᠪᠬᠤ᠂ ᠺᠣᠳ᠋ ᠲᠠᠢ ᠳ᠋ᠦᠩᠨᠡᠨ ᠪᠤᠳᠤᠬᠤ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠡᠶᠡᠯᠡᠭᠦᠯᠵᠦ᠂ ᠡᠨᠡ ᠬᠦ ᠠᠵᠢᠯ ᠢ ᠲᠣᠭᠲᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃  ᠬᠠᠷᠢᠯᠴᠠᠬᠤ ᠠᠷᠭ᠎ᠠ᠄ 0471 — 4930630 ︵ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ︶ 0471 — 4930595 ︵ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋︶    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  2024 ᠣᠨ ᠤ 7 ᠳ᠋ᠤᠭᠠᠷ ᠰᠠᠷ᠎ᠠ ᠶᠢᠨ 17 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map