ᠰᠦᠨ ᠱᠤᠤ ᠴᠧᠩ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠡ ᠬᠤᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/26
  7 ᠰᠠᠷ᠎ᠠ ᠶᠢᠨ 24 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠭᠦᠭᠡᠬᠤᠲᠠ ᠳᠤ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠡ ᠬᠤᠩ ᠲᠠᠢ ᠠᠭᠤᠯᠵᠠᠪᠠ ᠃
孙哥1.jpg
  ᠰᠦᠨ ᠱᠤᠤ ᠴᠧᠩ ᠯᠢ ᠳ᠋ᠡ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ ᠃ ᠲᠡᠷᠡ ᠂ ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ ᠂ ᠪᠠᠶᠢᠭᠠᠯᠢ ᠶᠢᠨ ᠥᠩᠭᠡ ᠦᠵᠡᠮᠵᠢ ᠥᠪᠡᠷᠮᠢᠴᠡ ᠂ ᠲᠡᠦᠬᠡ ᠰᠣᠶᠣᠯ ᠤᠨ ᠲᠤᠨᠳᠠᠰᠤ ᠭᠦᠨ ᠵᠤᠵᠠᠭᠠᠨ ᠶᠤᠮ ᠂ ᠰᠢᠶᠠᠩᠭᠠᠩ ᠤᠨ ᠡᠯ᠎ᠡ ᠡᠲᠡᠭᠡᠳ ᠤᠨ ᠨᠠᠶᠢᠵᠠ ᠨᠠᠷ ᠪᠣᠯᠣᠨ ᠵᠠᠯᠠᠭᠤᠴᠤᠳ ᠪᠠᠭᠠᠴᠤᠳ ᠤᠨ ᠥᠪᠥᠷ ᠮᠣᠩᠭᠤᠯ ᠳᠤ ᠢᠯᠡᠭᠦᠬᠡᠨ ᠢᠷᠡᠵᠦ ᠲᠣᠭᠤᠷᠢᠨ ᠦᠵᠡᠵᠦ ᠂ ᠥᠪᠥᠷ ᠮᠣᠩᠭᠤᠯ ᠢ ᠭᠦᠨᠵᠡᠭᠡᠢ ᠣᠶᠢᠯᠠᠭᠠᠬᠤ ᠶᠢ ᠪᠠᠶᠠᠷᠯᠠᠨ ᠤᠭᠲᠤᠵᠤ ᠪᠠᠶᠢᠨ᠎ᠠ ᠃ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠭᠤᠣᠯ ᠵᠠᠭᠤᠴᠢᠯᠠᠭᠤᠷ ᠤᠨ ᠳᠠᠪᠠᠭᠤᠯᠢᠭ ᠢᠶᠠᠨ ᠪᠠᠳᠠᠷᠠᠭᠤᠯᠵᠤ ᠂ ᠥᠪᠥᠷ ᠮᠣᠩᠭᠤᠯ ᠤᠨ ᠬᠥᠭᠵᠢᠯᠲᠡ ᠶᠢᠨ ᠦᠷ᠎ᠡ ᠪᠦᠲᠦᠭᠡᠯ ᠪᠣᠯᠣᠨ ᠥᠷᠭᠡᠨ ᠠᠭᠤᠳᠠᠮ ᠠᠯᠤᠰ ᠢᠷᠡᠭᠡᠳᠦᠢ ᠶᠢ ᠢᠳᠡᠪᠬᠢᠲᠡᠢ ᠤᠬᠠᠭᠤᠯᠵᠤ ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠳᠤ ᠬᠦᠴᠦᠨ ᠨᠡᠮᠡᠷᠢᠯᠡᠵᠦ ᠂ ᠨᠡᠩ ᠤᠯᠠᠨ ᠰᠢᠶᠠᠩᠭᠠᠩ ᠤᠨ ᠪᠡᠯᠡᠳᠦ ᠰᠢᠶᠠᠩᠭᠠᠩ ᠤᠨ ᠠᠵᠤ ᠠᠬᠤᠶᠢᠯᠠᠯ ᠢ ᠥᠪᠥᠷ ᠮᠣᠩᠭᠤᠯ ᠳᠤ ᠲᠠᠳᠠᠨ ᠠᠪᠴᠢᠷᠠᠵᠤ ᠪᠡᠯᠡ ᠣᠷᠣᠭᠤᠯᠤᠨ ᠦᠢᠯᠡᠰ ᠪᠣᠰᠬᠠᠬᠤ ᠶᠢ ᠬᠦᠰᠡᠵᠦ ᠪᠠᠶᠢᠨ᠎ᠠ ᠃ ᠪᠢᠳᠡ ᠶᠠᠭ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠪᠤᠢ ᠂ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠤᠯᠠᠨ ᠲᠠᠯ᠎ᠠ ᠪᠠᠷ ᠬᠥᠭᠦᠷᠭᠡ ᠬᠤᠯᠪᠣᠭᠠᠰᠤ ᠪᠣᠯᠵᠤ ᠂ ᠥᠪᠥᠷ ᠮᠣᠩᠭᠤᠯ ᠪᠣᠯᠣᠨ ᠰᠢᠶᠠᠩᠭᠠᠩ ᠬᠤᠶᠠᠷ ᠭᠠᠵᠠᠷ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ ᠃
孙哥2.jpg
  ᠯᠢ ᠳ᠋ᠡ ᠬᠤᠩ ᠪᠦᠯᠦᠭᠯᠡᠯ ᠤᠨ ᠬᠥᠭᠵᠢᠯᠲᠡ ᠵᠢᠴᠢ ︽ ᠹᠠᠨ ᠴᠠᠩ ᠵᠢᠶᠠᠩ ᠠᠵᠢᠯᠯᠠᠭ᠎ᠠ — ᠰᠢᠶᠠᠩᠭᠠᠩ ᠤᠨ ᠵᠠᠭᠤᠴᠢᠯᠠᠭᠤᠷ ᠤᠨ ᠰᠤᠷᠤᠬᠴᠢᠳ ᠤᠨ ᠥᠪᠥᠷ ᠮᠣᠩᠭᠤᠯ ᠳᠠᠬᠢ ᠠᠶᠠᠯᠠᠯ ︾ ᠤᠨ ᠰᠣᠷᠪᠤᠯᠵᠢᠯᠠᠭ᠎ᠠ ᠶᠢᠨ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ ᠂ ᠥᠪᠥᠷ ᠮᠣᠩᠭᠤᠯ ᠤᠨ ᠬᠢᠨ ᠠᠵᠢᠯᠯᠠᠭ᠎ᠠ ᠶᠢ ᠴᠢᠬᠤᠯᠠᠴᠢᠯᠠᠨ ᠦᠵᠡᠵᠦ ᠳᠡᠮᠵᠢᠭᠰᠡᠨ ᠳᠤ ᠲᠠᠯᠠᠷᠬᠠᠪᠠ ᠃ ᠲᠡᠷᠡ ᠂ ᠣᠶᠢᠷ᠎ᠠ ᠶᠢᠨ ᠵᠢᠯ ᠠᠴᠠ ᠥᠪᠥᠷ ᠮᠣᠩᠭᠤᠯ ᠳᠤ ᠯᠤᠲᠤ ᠶᠡᠭᠡ ᠬᠤᠪᠢᠷᠠᠯᠲᠠ ᠭᠠᠷᠴᠤ ᠂ ᠬᠤᠳᠠ ᠬᠥᠳᠡᠭᠡ ᠶᠢᠨ ᠳᠦᠷᠰᠦ ᠪᠠᠶᠢᠳᠠᠯ ᠰᠢᠨᠡᠳᠦᠨ ᠬᠤᠪᠢᠷᠠᠵᠤ ᠂ ᠺᠠᠳ᠋ᠷ ᠤᠯᠠᠨ ᠲᠦᠮᠡᠨ ᠴᠤᠬ ᠵᠢᠪᠬᠤᠭ᠎ᠠ ᠲᠡᠭᠦᠯᠳᠡᠷ ᠪᠣᠯᠵᠤ ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠨᠢ ᠬᠥᠮᠥᠰ ᠲᠤ ᠭᠦᠨ ᠰᠠᠭᠤᠭᠳᠠᠯ ᠥᠭᠴᠡᠢ ᠃ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠵᠠᠭᠤᠴᠢᠯᠠᠭᠤᠷ ᠤᠨ ᠵᠢᠭᠰᠠᠭᠠᠯ ᠂ ᠤᠯᠠᠨ ᠤᠯᠤᠰ ᠤᠨ ᠳᠠᠮᠵᠢᠭᠤᠯᠭ᠎ᠠ ᠶᠢᠨ ᠳᠠᠪᠠᠭᠤᠯᠢᠭ ᠢᠶᠠᠨ ᠠᠰᠢᠭᠯᠠᠵᠤ ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ ᠂ ᠰᠢᠶᠠᠩᠭᠠᠩ ᠪᠣᠯᠣᠨ ᠥᠪᠥᠷ ᠮᠣᠩᠭᠤᠯ ᠤᠨ ᠠᠵᠤ ᠠᠬᠤᠢ ᠂ ᠰᠣᠶᠣᠯ ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠦᠨ᠎ᠡ ᠭᠡᠵᠦ ᠬᠡᠯᠡᠪᠡ ᠃  ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ ᠂ ᠢᠦᠢ ᠯᠢ ᠰᠢᠨ ᠠᠭᠤᠯᠵᠠᠯᠲᠠ ᠳᠤ  ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map