ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠭᠦᠩ ᠴᠢ ᠬᠤᠸᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/26
  7 ᠰᠠᠷ᠎ᠠ ᠶᠢᠨ 24 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠭᠦᠩ ᠴᠢ ᠬᠤᠸᠠᠩ ᠲᠠᠢ ᠠᠭᠤᠯᠵᠠᠪᠠ ᠃
王莉霞.jpg
  ᠸᠠᠩ ᠯᠢ ᠰᠢᠶᠠ ᠭᠦᠩ ᠴᠢ ᠬᠤᠸᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠪᠡᠭᠡᠵᠢᠩ ᠶᠡᠭᠡ ᠰᠤᠷᠭᠠᠭᠤᠯᠢ ᠶᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ ᠃ ᠲᠡᠷᠡ ᠂ ᠣᠳᠣᠬᠠᠨ ᠳᠤ ᠣᠷᠣᠨ ᠳᠠᠶᠠᠭᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ︽ ᠵᠢᠷᠭᠤᠭᠠᠨ ᠢᠨᠵᠧᠨᠧᠷᠢᠩ ︾ ᠢ ᠬᠡᠷᠡᠭᠵᠢᠭᠦᠯᠵᠦ ᠂ ᠠᠵᠤ ᠠᠬᠤᠢ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠰᠠᠶᠢᠨ ᠰᠠᠶᠢᠬᠠᠨ ᠬᠠᠨᠳᠤᠰᠢ ᠢᠯᠡᠷᠡᠪᠡ ᠃ ᠨᠢᠳᠤᠨᠤᠨ ᠥᠪᠥᠷ ᠮᠣᠩᠭᠤᠯ ᠪᠣᠯᠣᠨ ᠪᠡᠭᠡᠵᠢᠩ ᠶᠡᠭᠡ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ ᠂ ᠨᠢᠭᠡᠨᠲᠡ ᠰᠢᠯᠢᠳᠡᠭ ᠰᠠᠶᠢᠨ ᠦᠷ᠎ᠡ ᠪᠦᠲᠦᠮᠵᠢ ᠣᠯᠵᠠᠢ ᠃ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠬᠢᠨ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠂ ᠴᠢᠳᠠᠪᠤᠷᠢᠲᠠᠨ ᠢ ᠬᠥᠮᠥᠵᠢᠭᠦᠯᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠣᠷᠣᠨ ᠵᠠᠢ ᠪᠠᠨ ᠤᠯᠠᠮ ᠨᠢᠭᠡ ᠠᠯᠬᠤᠮ ᠥᠷᠭᠡᠳᠬᠡᠵᠦ ᠂ ᠰᠢᠨ᠎ᠡ ᠡᠨᠧᠷᠭᠢ ᠂ ᠰᠦ ᠶᠢᠨ ᠦᠢᠯᠡᠰ ᠂ ᠬᠤᠪᠣᠷ ᠰᠢᠷᠣᠢ ᠂ ᠨᠣᠭᠤᠭᠠᠨ ᠪᠣᠳᠣᠯᠲᠠ ᠵᠡᠷᠭᠡ ᠬᠦᠷᠢᠶᠡᠨ ᠳᠤ ᠠᠯᠢ ᠲᠦᠷᠭᠡᠨ ᠢᠶᠠᠷ ᠰᠢᠨ᠎ᠡ ᠰᠢᠪᠲᠤᠯᠤᠯᠲᠠ ᠭᠠᠷᠭᠠᠵᠤ ᠂ ᠰᠢᠨ᠎ᠡ ᠴᠠᠭ ᠦᠶ᠎ᠡ ᠶᠢᠨ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢ ᠬᠦᠰᠡᠵᠦ ᠪᠠᠶᠢᠨ᠎ᠠ ᠃ ᠥᠪᠥᠷ ᠮᠣᠩᠭᠤᠯ ︽ ᠶᠠᠭᠠᠬᠢᠵᠤ ᠲᠥᠭᠦᠮ ᠦᠵᠡᠭᠦᠯᠭᠦ ᠴᠢᠬᠤᠯᠠᠲᠠᠢ ᠪᠣᠯ ᠲᠡᠭᠡᠵᠦ ᠬᠢᠬᠦ ︾ ᠵᠠᠷᠴᠢᠮ ᠶᠣᠰᠣᠭᠠᠷ ᠂ ᠲᠤᠰᠬᠠᠢ ᠮᠡᠷᠭᠡᠵᠢᠯᠲᠡᠨ ᠫᠷᠤᠹᠧᠰᠰᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠳᠤ ᠥᠷᠭᠡᠨ ᠳᠡᠯᠭᠡᠷ ᠬᠡᠷᠡᠭᠯᠡᠭᠡᠨ ᠤ ᠲᠠᠯᠠᠪᠤᠷ ᠪᠠ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠥᠪᠥᠷ ᠮᠣᠩᠭᠤᠯ ᠳᠤ ᠣᠨᠳᠣᠣᠰᠢᠭᠤᠯᠤᠨ ᠬᠡᠷᠡᠭᠯᠡᠬᠦ ᠶᠢ ᠪᠡᠶᠡᠯᠡᠭᠦᠯᠦᠨ᠎ᠡ ᠭᠡᠵᠡᠢ ᠃  ᠭᠦᠩ ᠴᠢ ᠬᠤᠸᠠᠩ ᠂ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠶᠠᠪᠤᠯᠴᠠᠭ᠎ᠠ ᠭᠦᠨ ᠵᠤᠵᠠᠭᠠᠨ ᠪᠠᠶᠢᠵᠤ ᠂  ᠰᠣᠯᠢᠯᠴᠠᠭ᠎ᠠ ᠨᠢᠭᠲᠠ ᠪᠠᠶᠢᠳᠠᠭ ᠃ ᠬᠤᠶᠢᠰᠢᠳᠠ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠤ ᠰᠤᠳᠤᠯᠭᠠᠨ ᠂ ᠴᠢᠳᠠᠪᠤᠷᠢᠲᠠᠨ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠠᠺᠠᠳᠧᠮᠢᠴᠢ ᠶᠢᠨ ᠪᠦᠯᠭᠦᠮ ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠦᠨ ᠦᠢᠯᠡᠰ ᠪᠣᠰᠬᠠᠵᠤ ᠂ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠨᠡᠮᠡᠷᠢᠯᠡᠬᠦ ᠶᠢ ᠵᠣᠷᠢᠭᠵᠢᠭᠤᠯᠤᠨ ᠳᠡᠮᠵᠢᠨ᠎ᠡ ᠭᠡᠵᠦ ᠢᠯᠡᠳᠬᠡᠪᠡ ᠃  ᠪᠦᠦ ᠰᠢᠶᠠᠨ ᠬᠤᠸᠠ ᠂ ᠶᠠᠩ ᠵᠢᠶᠧ ᠠᠭᠤᠯᠵᠠᠯᠲᠠ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map