2024 ᠣᠨ ᠤ ᠶᠢᠰᠦᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠳᠡᠯᠡᠯ
ᠨᠡᠶᠢᠲᠡᠯᠡᠭᠰᠡᠨ ᠴᠠᠭ᠄
2024/4/8
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2024 ᠣᠨ ᠤ ᠶᠢᠰᠦᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠣᠲᠣ 5 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 2 ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ᠂ 27 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠨᠡᠶᠢᠲᠡᠯᠡᠬᠦ ᠬᠤᠭᠤᠴᠠᠭ᠎ᠠ 2024 ᠣᠨ ᠤ 3 ᠳ᠋ᠤᠭᠠᠷ ᠰᠠᠷ᠎ᠠ ᠶᠢᠨ 14 ᠤ ᠡᠳᠦᠷ ᠤᠨ 17 ᠴᠠᠭ 30 ᠮᠢᠨᠦ᠋ᠲ ᠲᠤ ᠲᠤᠯᠵᠤ᠂ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠳᠡᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠳᠤ ᠪᠠᠲᠤᠯᠠᠭᠳᠠᠭᠰᠠᠨ ᠦᠭᠡᠢ ᠠᠵᠤ ᠠᠬᠤᠶᠢᠯᠠᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠪᠠᠶᠢᠴᠠᠭᠠᠨ ᠦᠵᠡᠵᠦ ᠪᠣᠯᠤᠨ᠎ᠠ᠃    ᠶᠠᠮᠠᠷᠪᠠ ᠬᠠᠮᠢᠶ᠎ᠠ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠴᠢᠬᠤᠯᠠᠲᠠᠶ ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠤ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠰᠢᠦᠳᠠᠨ ᠢᠶᠠᠷ ᠢᠯᠡᠭᠡᠬᠦ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠬᠡᠯᠪᠡᠷᠢ ᠪᠠᠨ ᠦᠯᠡᠳᠡᠭᠡᠵᠦ᠂ ᠬᠡᠷᠡᠭᠴᠡᠭᠡ ᠳᠤ ᠪᠠᠨ ᠪᠡᠯᠡᠳᠬᠡᠬᠦ ᠬᠡᠷᠡᠭᠲᠡᠶ᠃    ᠬᠠᠷᠢᠯᠴᠠᠬᠤ ᠤᠲᠠᠰᠤ᠄ 0471-6945165᠂ 0471-6945092    ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠳᠠᠪᠬᠤᠷᠯᠢᠭ ᠤᠨ ᠶᠡᠷᠦᠩᠬᠡᠶᠢᠯᠡᠭᠰᠡᠨ ᠴᠣᠩᠬᠤᠳᠠᠭᠠᠯᠳᠤᠭᠤᠯᠤᠯ᠄     1. ᠶᠢᠰᠦᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ    2. ᠶᠢᠰᠤᠲᠤᠬᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠬᠢᠷᠢ ᠭᠡᠮ ᠢ ᠬᠢᠨᠠᠨ ᠪᠠᠶᠢᠴᠠᠭᠠᠭᠰᠠᠨ ᠰᠠᠨᠠᠯ    3. ᠶᠢᠰᠦᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ         2024 ᠣᠨ ᠤ 3 ᠳ᠋ᠤᠭᠠᠷ ᠰᠠᠷ᠎ᠠ ᠶᠢᠨ 8 ᠤ ᠡᠳᠦᠷ

 

ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ
Baidu
map