ᠥᠪᠥᠷ ᠪᠠᠶᠢᠭᠤᠯᠤᠯᠲᠠ ᠪᠠᠷᠢᠮᠵᠢᠶ᠎ᠠ ᠵᠠᠬᠢᠳᠠᠯ ﹇ 2024﹈ 182 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠤ᠄ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽2023 ᠣᠨ ᠤ ᠪᠥᠬᠦ ᠤᠯᠤᠰ ᠤᠨ ᠠᠷᠠᠳ ᠤᠨ ᠬᠡᠷᠡᠭᠯᠡᠭᠡᠨ ᠤ | ᠪᠠᠷᠢᠯᠭ᠎ᠠ ᠶᠢᠨ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ | ᠪᠠᠶᠢᠭᠤᠯᠤᠯᠲᠠ ᠠᠯᠪᠠᠨ ᠪᠠᠷᠢᠮᠵᠢᠶ᠎ᠠ ᠵᠠᠬᠢᠳᠠᠯ ﹇2024 ﹈ 172 ᠳ᠋ᠤᠭᠠᠷ ᠲᠣᠭᠠᠲᠤ︶ ᠢ ᠦᠨᠳᠦᠰᠦᠯᠡᠨ᠂ ᠪᠥᠬᠦ ᠣᠷᠣᠨ ᠤ ᠠᠷᠠᠳ ᠤᠨ ᠬᠡᠷᠡᠭᠯᠡᠭᠡᠨ ᠤ | ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠤᠨ ᠪᠠᠶᠢᠳᠠᠯ ᠢ ᠡᠵᠡᠮᠰᠢᠵᠦ᠂ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠠᠵᠢᠯ ᠢ ᠠᠬᠢᠭᠤᠯᠬᠤ ᠶᠢᠨ | ᠲᠤᠰᠠᠳᠠ᠂ ᠡᠳᠦᠭᠡ 2023 ᠣᠨ ᠤ ᠪᠥᠬᠦ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠡᠪᠴᠢᠶ᠎ᠡ | ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ︾ ︵ | ᠳᠠᠭᠠᠯᠳᠤᠭᠤᠯᠤᠯ 1︶ ᠤᠨ ᠲᠣᠭᠲᠠᠭᠠᠯ ᠶᠣᠰᠣᠭᠠᠷ᠂ ᠪᠠᠶᠢᠴᠠᠭᠠᠯᠲᠠ ᠶᠢᠨ ᠠᠭᠤᠯᠭ᠎ᠠ ᠶᠢ ᠦᠨᠳᠦᠰᠦᠯᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠡᠪᠴᠢᠶ᠎ᠡ ᠶᠢ | ᠪᠥᠬᠦ ᠤᠯᠤᠰ ᠤᠨ ᠬᠤᠲᠠ ᠪᠠᠯᠭᠠᠰᠤ᠂ ᠪᠥᠬᠦ ᠤᠯᠤᠰ ᠤᠨ 106 ᠬᠤᠲᠠ ᠪᠠ 17 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠵᠡᠷᠭᠡ | ᠭᠤᠷᠪᠠᠨ ᠲᠥᠷᠥᠯ ᠳᠤ ᠬᠤᠪᠢᠶᠠᠵᠤ᠂ ᠪᠥᠬᠦ ᠤᠯᠤᠰ ᠤᠨ 106 ᠬᠤᠲᠠ ᠳᠤ ᠮᠠᠨ ᠤ ᠣᠷᠣᠨ ᠤ ᠬᠥᠬᠡᠬᠤᠲᠠ᠂ ᠤᠯᠠᠭᠠᠨᠬᠠᠳᠠ ᠬᠤᠲᠠ ᠪᠠ ᠬᠢᠩᠭᠠᠨ ᠠᠶᠢᠮᠠᠭ ︵ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠳᠠᠭᠠᠯᠳᠤᠭᠤᠯᠤᠯ 2 ᠳᠤ ᠦᠵᠡᠭᠡᠷᠡᠢ︶ ᠪᠠᠶᠢᠵᠤ᠂ ᠡᠯ᠎ᠡ ᠠᠶᠢᠮᠠᠭ ᠬᠤᠲᠠ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠠᠭᠤᠯᠭ᠎ᠠ ᠶᠢ ᠳᠠᠭᠠᠯᠳᠤᠭᠤᠯᠤᠯ 3 ᠲᠤ ᠦᠵᠡ᠃ | ᠬᠤᠶᠠᠷ᠂ ᠮᠡᠳᠡᠭᠦᠯᠦᠨ ᠬᠦᠷᠭᠡᠬᠦ ᠴᠠᠭ ᠪᠠ ᠮᠡᠳᠡᠭᠦᠯᠦᠨ ᠬᠦᠷᠭᠡᠬᠦ ᠠᠷᠭ᠎ᠠ ᠮᠠᠶ᠋ᠢᠭ | 2023 ᠣᠨ ᠤ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠮᠡᠳᠡᠭᠦᠯᠦᠨ ᠬᠦᠷᠭᠡᠬᠦ ᠴᠠᠭ ᠬᠤᠭᠤᠴᠠᠭ᠎ᠠ ᠨᠢ 2024 | ᠣᠨ ᠤ 5 ᠳ᠋ᠤᠭᠠᠷ ᠰᠠᠷ᠎ᠠ ᠶᠢᠨ 26 ᠤ ᠡᠳᠦᠷ ᠪᠤᠯᠳᠠᠯ᠎ᠠ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠮᠡᠳᠡᠭᠡ ᠵᠠᠩᠭᠢ ᠶᠢᠨ ᠲᠠᠪᠴᠠᠩ ︵ http://jznh. | mohurd.gov.cn ︶ ᠢᠶᠠᠷ ᠳᠠᠮᠵᠢᠭᠤᠯᠤᠨ ᠮᠡᠳᠡᠭᠦᠯᠦᠨ ᠬᠦᠷᠭᠡᠵᠦ᠂ ᠲᠤᠭ᠎ᠠ ᠪᠦᠷᠢᠳᠬᠡᠯ ᠤᠨ ᠠᠵᠢᠯ ᠤᠨ ᠣᠨ ᠤ ᠮᠡᠳᠡᠭᠦᠯᠦᠯᠲᠡ ︵ᠲᠠᠮᠠᠭᠠᠯᠠᠨ᠎ᠠ︶ ᠶᠢ | ᠢᠮᠧᠯ ︵nmgjstkjc@126.com︶ ᠳᠤ ᠬᠦᠷᠭᠡᠵᠦ᠂ ᠮᠠᠨ ᠤ ᠲᠢᠩᠬᠢᠮ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠦᠨ ᠳᠤ ᠬᠤᠷᠢᠶᠠᠩᠭᠤᠶᠢᠯᠠᠨ ᠮᠡᠳᠡᠭᠦᠯᠦᠨ ᠬᠦᠷᠭᠡᠨ᠎ᠡ᠃ | ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ | ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ︾ ᠢ ᠴᠢᠩᠭ᠎ᠠ ᠬᠡᠷᠡᠭᠵᠢᠭᠦᠯᠵᠦ᠂ ᠱᠠᠭᠠᠷᠳᠠᠯᠭ᠎ᠠ ᠶᠣᠰᠣᠭᠠᠷ ᠵᠢᠱᠢᠶᠡᠴᠢ ᠪᠠᠷᠢᠯᠭ᠎ᠠ ᠶᠢ ᠰᠢᠯᠢᠨ ᠰᠣᠩᠭᠤᠵᠤ᠂ ᠬᠢᠨᠠᠨ | ᠬᠠᠷᠭᠤᠭᠤᠯᠵᠤ ᠬᠠᠮᠢᠶᠠᠷᠬᠤ ᠪᠠᠨ ᠴᠢᠩᠭᠠᠷᠠᠭᠤᠯᠤᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠳᠡᠭᠡᠭᠰᠢ ᠮᠡᠳᠡᠭᠦᠯᠦᠭᠰᠡᠨ | ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠠᠷᠢᠯᠴᠠᠭᠴᠢ᠄ ᠸᠠᠩ ᠲᠢᠩ | ᠬᠠᠷᠢᠯᠴᠠᠬᠤ ᠤᠲᠠᠰᠤ᠄ 0471- 6946889 | ᠢᠮᠧᠯ᠄ nmgjstkjc@126.com | ᠤᠯᠤᠰ ᠤᠨ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ᠄ 010 – 58934548 | ᠤᠯᠤᠰ ᠤᠨ ᠮᠡᠷᠭᠡᠵᠢᠯ ᠤᠨ ᠦᠢᠯᠡᠴᠢᠯᠡᠭᠡᠨ ᠤ ᠤᠲᠠᠰᠤ᠄ 010 – 58934942 | ᠳᠠᠭᠠᠯᠳᠤᠭᠤᠯᠤᠯ᠄ | 1. ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ | 2. ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ︾ | ᠤᠨ 106 ᠬᠤᠲᠠ ᠶᠢᠨ ᠳᠣᠲᠣᠷᠠᠬᠢ ᠮᠠᠨ ᠤ ᠣᠷᠣᠨ ᠤ ᠬᠥᠬᠡᠬᠤᠲᠠ᠂ ᠤᠯᠠᠭᠠᠨᠬᠠᠳᠠ ᠬᠤᠲᠠ᠂ ᠬᠢᠩᠭᠠᠨ ᠠᠶᠢᠮᠠᠭ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠱᠠᠭᠠᠷᠳᠠᠯᠭ᠎ᠠ ᠶᠢᠨ ᠲᠣᠳᠣᠷᠬᠠᠶᠢᠯᠠᠯᠲᠠ | 3. ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠡᠭᠦᠷᠭᠡ ᠶᠢᠨ ᠨᠠᠷᠢᠨ ᠬᠦᠰᠦᠨᠦᠭᠲᠦ | | 2024 ᠣᠨ ᠤ 5 ᠳ᠋ᠤᠭᠠᠷ ᠰᠠᠷ᠎ᠠ ᠶᠢᠨ 20 ᠤ ᠡᠳᠦᠷ | | | | | | | |