ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠤᠯᠤᠨ ᠵᠠᠮ ᠬᠠᠷᠢᠯᠴᠠᠭᠠᠨ ᠤ ᠪᠠᠩᠬᠢ ᠶᠢᠨ ᠬᠤᠪᠢᠴᠠᠭᠠᠳᠦ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/5/30
    5 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭᠠᠨ ᠤ ᠪᠠᠩᠬᠢ ᠶᠢᠨ ᠬᠤᠪᠢᠴᠠᠭᠠᠳᠦ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠪᠠᠩᠬᠢ ᠶᠢᠨ ᠳᠠᠷᠤᠭ᠎ᠠ ᠮᠧᠩ ᠵᠧᠨ᠂ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠶ ᠳᠠᠭᠠᠭᠠᠮᠠᠯ ᠵᠠᠩ ᠮᠢᠨ ᠱᠤᠸᠠᠨ ᠪᠠᠶᠠᠷ ᠤᠨ ᠦᠭᠡ ᠬᠡᠯᠡᠭᠰᠡᠨ ᠪᠥᠭᠡᠳ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃
W020240530343350713508.png
W020240530343351401961.png
    ᠵᠥᠪᠯᠡᠯᠴᠡᠭᠡᠷ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ ᠯᠤᠭ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠥᠪᠡᠷᠲᠡᠭᠡᠨ ᠵᠠᠰᠠᠬᠤ ᠣᠷᠣᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠭᠤᠤᠯ ᠬᠦᠴᠦᠨ ᠤ ᠦᠢᠯᠡᠳᠦᠯ ᠪᠠ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯᠳᠦ ᠬᠢᠵᠠᠭᠠᠷᠲᠤ ᠺᠣᠮᠫᠠᠨᠢ ᠶᠢᠨ ᠪᠠᠷᠢᠯᠭ᠎ᠠ ᠶᠢᠨ ᠦᠢᠯᠡᠰ ᠤᠨ ᠬᠡᠪ ᠳᠠᠭᠤᠷᠢᠶᠠᠯ ᠤᠨ ᠠᠵᠤ ᠠᠬᠤᠶᠢᠯᠠᠯ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠯᠠ ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠶᠢᠨ ᠳᠠᠪᠠᠭᠤᠯᠢᠭ ᠢᠶᠠᠨ ᠠᠰᠢᠭᠯᠠᠨ᠂ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠳᠤ ᠣᠷᠣᠬᠤ᠂ ᠬᠤᠲᠠ ᠶᠢᠨ ᠠᠮᠢ ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠢ ᠳᠡᠮᠵᠢᠬᠦ ᠵᠢᠴᠢ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠲᠠᠯ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠥᠪᠥᠷ ᠮᠣᠩᠭᠤᠯ ᠤᠨ ︽ᠰᠢᠨ᠎ᠡ ᠵᠠᠮ ᠢᠶᠠᠷ ᠵᠠᠮᠨᠠᠵᠤ᠂ ᠲᠤᠮᠳᠠ ᠤᠷᠤᠰᠬᠠᠯ ᠳᠤ ᠤᠷᠤᠬᠤ︾ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠬᠡᠯᠪᠡᠷᠢ ᠶᠢᠨ ᠣᠳᠣᠬᠢᠴᠢᠯᠠᠯᠲᠠ ᠶᠢ ᠪᠥᠲᠥᠭᠡᠨ ᠪᠠᠶᠢᠭᠤᠯᠬᠤ ᠵᠠᠮ ᠳᠡᠭᠡᠷ᠎ᠡ ᠴᠤᠭ ᠵᠢᠪᠬᠤᠭ᠎ᠠ ᠪᠠ ᠡᠭᠦᠷᠭᠡᠯᠡᠯ ᠢᠶᠠᠨ ᠪᠡᠶᠡᠯᠡᠭᠦᠯᠬᠦ ᠪᠤᠯᠤᠨ᠎ᠠ᠃
W020240530343351562391.png
    W020240530343351723698.png
W020240530343351802376.png
    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠰᠦᠨ ᠯᠢ ᠵᠢᠶᠦ᠋ᠨ᠂ ᠴᠢᠶᠣᠤ ᠶᠦᠩ ᠹᠸᠢ᠂ ᠳᠤᠮᠳᠠᠳᠤ ᠤᠯᠤᠰ ᠤᠨ ᠲᠡᠮᠦᠷ ᠵᠠᠮ ᠤᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠳᠡᠳ᠋ ᠶᠡᠷᠦᠩᠬᠡᠶ ᠳᠠᠭᠠᠭᠠᠮᠠᠯ ᠯᠢ ᠪᠢᠶᠤᠤ ᠪᠣᠯᠤᠨ ᠶᠡᠷᠦᠩᠬᠡᠶ ᠳᠠᠭᠠᠭᠠᠮᠠᠯ ᠤᠨ ᠲᠤᠰᠠᠯᠠᠭᠴᠢ᠂ ᠡᠵᠡᠩᠨᠡᠯᠲᠡ ᠨᠡᠭᠡᠭᠡᠯᠲᠡ ᠶᠢᠨ ᠬᠡᠯᠳᠡᠰ ᠤᠨ ᠲᠠᠷᠤᠭ᠎ᠠ ᠯᠢ ᠲᠧᠩ ᠶᠦᠨ ᠵᠡᠷᠭᠡ ᠨᠦᠬᠦᠷ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠤᠸᠠᠢ ᠰᠥᠩ ᠭᠡᠷ᠎ᠡ ᠲᠣᠭᠲᠠᠬᠤ ᠶᠣᠰᠣᠯᠠᠯ ᠢ ᠡᠷᠭᠢᠯᠡᠪᠡ᠃ 
ᠢᠷᠡᠯᠲᠡ᠄ ᠠᠯᠪᠠᠨ ᠭᠡᠷ
Baidu
map